ᠨᠡᠶᠢᠭᠡᠮ ᠤᠨ ᠠᠵᠤ ᠠᠬᠤᠶ ᠲᠦᠷᠭᠡᠨ ᠬᠥᠭᠵᠢᠵᠦ᠂ ᠠᠮᠢᠳᠤᠯᠢᠭ ᠢᠶᠠᠷ ᠠᠵᠢᠯ ᠣᠯᠬᠤ ᠨᠢ ᠨᠢᠭᠡᠨᠲᠡ | ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠴᠢᠬᠤᠯᠠ ᠪᠦᠷᠢᠯᠳᠦᠬᠦᠨ ᠬᠡᠰᠡᠭ ᠪᠣᠯᠵᠤ᠂ ᠮᠠᠰᠢ ᠣᠯᠠᠨ | ᠬᠥᠳᠡᠯᠮᠦᠷᠢᠴᠢᠳ ᠲᠤ ᠨᠡᠩ ᠠᠮᠢᠳᠤᠯᠢᠭ ᠤᠯᠠᠨ ᠶᠠᠩᠵᠤ ᠶᠢᠨ ᠠᠵᠢᠯ ᠣᠯᠭᠤᠯᠲᠠ ᠶᠢᠨ ᠰᠣᠩᠭᠤᠯᠲᠠ ᠬᠠᠩᠭᠠᠪᠠ᠃ | ᠬᠠᠷᠢᠨ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠠᠰᠠᠭᠤᠳᠠᠯ᠂ ᠢᠯᠠᠩᠭᠤᠶ᠎ᠠ | ᠨᠠᠰᠤᠵᠢᠯ ᠤᠨ ᠳᠠᠭᠠᠳᠬᠠᠯ ᠤᠨ ᠲᠤᠰᠢᠶᠠᠬᠤ ᠪᠠ ᠡᠳ᠋ᠯᠡᠬᠦ ᠪᠣᠯ ᠢᠮᠠᠭᠲᠠ ᠠᠷᠠᠳ ᠣᠯᠠᠨ ᠤ ᠠᠩᠬᠠᠷᠤᠯ ᠤᠨ ᠲᠥᠪ | ᠪᠣᠯᠤᠭᠰᠠᠭᠠᠷ ᠢᠷᠡᠵᠡᠶ᠃ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ | ᠲᠥᠪ ᠤᠯᠤᠰ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ︽ᠨᠡᠶᠢᠭᠡᠮ ᠤᠨ | ᠪᠠᠲᠤᠯᠠᠭ᠎ᠠ ᠶᠢᠨ ᠦᠢᠯᠡᠴᠢᠯᠡᠭᠡᠨ ᠤ ᠬᠤᠷᠳᠤᠴᠠ ᠶᠢ ᠳᠡᠭᠡᠭᠰᠢᠯᠡᠭᠦᠯᠬᠦ᠂ ᠨᠡᠶᠢᠭᠡᠮ ᠤᠨ ᠪᠠᠲᠤᠯᠠᠭ᠎ᠠ ᠶᠢᠨ | ᠦᠢᠯᠡᠴᠢᠯᠡᠭᠡ ᠶᠢ ᠳᠤᠯᠠᠭᠠᠴᠠᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠬᠦ︾ | ᠭᠤᠷᠪᠠᠨ ᠶᠡᠭᠡ ᠭᠤᠣᠯᠳᠠᠯᠭ᠎ᠠ ᠶᠢᠨ ᠲᠣᠭᠤᠷᠢᠨ ᠳᠤ᠂ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ | ᠥᠷᠨᠢᠭᠦᠯᠵᠦ᠂ ᠤᠯᠠᠨ ᠲᠦᠮᠡᠨ ᠤ ᠠᠰᠠᠭᠤᠯᠲᠠ ᠶᠢ ᠪᠦᠲᠦᠮᠵᠢᠲᠡᠢ ᠬᠠᠷᠢᠭᠤᠯᠵᠤ᠂ ᠠᠮᠢᠳᠤᠯᠢᠭ ᠢᠶᠠᠷ ᠠᠵᠢᠯ | ᠣᠯᠤᠭᠰᠠᠳ ᠤᠨ ᠨᠠᠰᠤᠵᠢᠯ ᠤᠨ ᠳᠠᠭᠠᠳᠬᠠᠯ ᠤᠨ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠪᠠ᠃ | ᠨᠢᠭᠡ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠪᠥᠭᠡᠳ | ᠳᠥᠭᠦᠮ ᠳᠥᠲᠡ ᠳᠠᠷᠤᠶ ᠰᠢᠢᠳᠪᠦᠷᠢᠯᠡᠵᠦ ᠳᠠᠭᠤᠰᠬᠠᠨ᠎ᠠ | ᠠᠮᠢᠳᠤᠯᠢᠭ ᠢᠶᠠᠷ ᠠᠵᠢᠯ ᠣᠯᠤᠭᠰᠠᠳ ᠤᠨ ᠬᠠᠮᠲᠤᠯᠢᠭ ᠤᠨ ᠰᠢᠯᠵᠢᠯᠲᠡ ᠶᠢᠨ ᠴᠢᠨᠠᠷ ᠶᠡᠭᠡ᠂ ᠴᠠᠭ ᠬᠡᠰᠡᠭᠷᠡᠯ | ᠵᠡᠷᠭᠡ ᠣᠨᠴᠠᠯᠢᠭ ᠤᠨ ᠡᠮᠦᠨ᠎ᠡ᠂ ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠤᠨ | ᠦᠢᠯᠡᠴᠢᠯᠡᠭᠡᠨ ᠤ ᠶᠠᠪᠤᠴᠠ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠨᠠᠰᠤᠵᠢᠯ ᠤᠨ ᠳᠠᠭᠠᠳᠬᠠᠯ ᠤᠨ ᠰᠦᠢᠳᠬᠡᠯ | ᠲᠤᠰᠢᠶᠠᠬᠤ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ ᠪᠠ ᠥᠪᠡᠷᠲᠡᠭᠡᠨ ᠦᠢᠯᠡᠴᠢᠯᠡᠬᠦ | ᠦᠵᠦᠭᠦᠷᠯᠢᠭ ᠤᠨ ᠪᠦᠬᠦᠨ ᠢ ᠬᠠᠮᠤᠷᠬᠤ ᠶᠢ ᠪᠡᠶᠡᠯᠡᠭᠦᠯᠪᠡ᠃ ᡁᠢ ᠹᠦ᠋ ᠪᠦᠦ᠂ ᠸᠢᠴᠠᠲ ᠤᠨ ᠵᠢᠵᠢᠭ ᠫᠷᠤᠭ᠍ᠷᠠᠮ᠂ ᠥᠪᠥᠷ | ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ APP ᠵᠡᠷᠭᠡ | ᠲᠠᠪᠴᠠᠩ ᠢᠶᠠᠷ ᠳᠠᠮᠵᠢᠭᠤᠯᠤᠨ᠂ ᠠᠮᠢᠳᠤᠯᠢᠭ ᠢᠶᠠᠷ ᠠᠵᠢᠯ ᠣᠯᠤᠭᠰᠠᠳ ᠴᠠᠭ ᠲᠤᠬᠠᠶ ᠳᠤᠨᠢ ᠬᠤᠪᠢ ᠬᠥᠮᠦᠨ ᠤ ᠡᠷᠬᠡ | ᠠᠰᠢᠭ ᠤᠨ ᠲᠡᠮᠳᠡᠭᠯᠡᠯ ᠢ ᠪᠠᠶᠢᠴᠠᠭᠠᠨ ᠯᠠᠪᠯᠠᠵᠤ᠂ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠠᠵᠢᠯᠯᠠᠭ᠎ᠠ ᠶᠢ | ᠪᠡᠶᠡᠯᠡᠭᠦᠯᠵᠦ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠠᠭ ᠢ ᠶᠡᠭᠡ ᠪᠠᠷ ᠪᠣᠭᠤᠨᠢᠰᠬᠠᠪᠠ᠃ ᠡᠭᠦᠨ ᠤ ᠬᠠᠮᠲᠤ᠂ ᠪᠠᠰᠠ | ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠵᠤ᠂ ᠢᠷᠡᠭᠰᠡᠨ ᠳᠠᠷᠤᠢ ᠳᠤ ᠨᠢ ᠭᠦᠢᠴᠡᠳᠬᠡᠵᠦ᠂ ᠭᠦᠢᠴᠡᠳᠬᠡᠭᠰᠡᠨ | ᠳᠠᠷᠤᠢ ᠳᠤ ᠨᠢ ᠪᠡᠶᠡᠯᠡᠭᠦᠯᠬᠦ ᠶᠢ ᠪᠠᠲᠤᠯᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠲᠦᠮᠵᠢᠲᠡᠢ | ᠳᠡᠭᠡᠭᠰᠢᠯᠡᠭᠦᠯᠦᠨ᠎ᠡ᠃ | ᠬᠤᠶᠠᠷ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢᠨ ᠳᠤᠯᠠᠭᠠᠴᠠ ᠳᠡᠭᠡᠭᠰᠢᠯᠡᠵᠦ᠂ ᠬᠥᠮᠦᠯᠢᠭ | ᠰᠣᠶᠣᠯᠴᠢ ᠬᠠᠯᠠᠮᠵᠢᠯᠠᠯ᠂ ᠳᠣᠲᠣᠨᠣ ᠦᠢᠯᠡᠴᠢᠯᠡᠭᠡ | ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠠᠰᠠᠭᠤᠨ ᠯᠠᠪᠯᠠᠬᠤ ᠦᠢᠯᠡᠴᠢᠯᠡᠭᠡᠨ ᠤ | ᠬᠠᠯᠠᠮᠰᠢᠯ ᠤᠲᠠᠰᠤ ᠭᠠᠷᠭᠠᠬᠤ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ᠂ ᠴᠤᠤᠷᠢᠶᠠᠳᠤᠨ ᠨᠡᠪᠲᠡᠷᠡᠭᠦᠯᠬᠦ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠮᠢᠳᠤᠯᠢᠭ ᠢᠶᠠᠷ ᠠᠵᠢᠯ ᠣᠯᠤᠭᠰᠠᠳ ᠤᠨ ᠡᠯ᠎ᠡ | ᠵᠦᠢᠯ ᠤᠨ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ | ᠠᠵᠢᠯᠯᠠᠬᠤ ᠶᠠᠪᠤᠴᠠ ᠶᠢᠨ ᠵᠢᠯᠣᠭᠤᠳᠤᠯᠭ᠎ᠠ᠂ ᠡᠰᠡᠬᠦᠯ᠎ᠡ ᠬᠠᠷᠠᠭᠠᠯᠵᠠᠯ ᠬᠦᠷᠲᠡᠬᠦ ᠨᠥᠬᠦᠴᠡᠯ ᠤᠨ ᠯᠠᠪᠯᠠᠭ᠎ᠠ ᠳᠤ ᠭᠡᠰᠡᠨ | ᠥᠬᠡᠶ᠂ ᠴᠥᠮ ᠬᠦᠯᠢᠴᠡᠩᠭᠦᠶ ᠨᠢᠮᠪᠠᠶ᠂ ᠣᠨᠣᠪᠴᠢᠲᠠᠶ ᠬᠠᠷᠢᠭᠤᠯᠲᠠ ᠥᠭᠪᠡ᠃ ᠡᠭᠦᠨ ᠤ ᠬᠠᠮᠲᠤ᠂ ︽ᠨᠡᠶᠢᠭᠡᠮ ᠤᠨ | ᠪᠠᠲᠤᠯᠠᠭ᠎ᠠ ᠶᠢᠨ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠡᠷᠭᠢᠯᠡᠵᠦ᠂ ᠠᠮᠢᠳᠤᠯᠢᠭ ᠢᠶᠠᠷ ᠠᠵᠢᠯ ᠣᠯᠤᠭᠰᠠᠳ ᠤᠨ ᠪᠣᠳᠠᠲᠠᠶ ᠠᠰᠠᠭᠤᠳᠠᠯ ᠢ ᠨᠢᠭᠤᠷᠳᠠᠨ | ᠲᠠᠶᠢᠯᠪᠤᠷᠢᠯᠠᠵᠤ᠂ ᠲᠡᠳᠡᠨᠤᠰ ᠢ ᠬᠠᠪᠰᠤᠷᠤᠨ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢ ᠨᠠᠩ ᠰᠠᠶᠢᠲᠤᠷ | ᠬᠦᠷᠲᠡᠭᠡᠵᠦ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠨᠠᠩ ᠳᠣᠲᠣᠨᠣ᠂ ᠨᠠᠩ ᠬᠥᠮᠦᠯᠢᠭ ᠪᠣᠯᠭᠠᠵᠤ᠂ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ︽ᠬᠠᠯᠠᠭᠤᠨ ᠳᠤᠯᠠᠭᠠᠨ︾ ᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠦᠨ᠎ᠡ᠃ | ᠭᠤᠷᠪᠠ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢᠨ ᠭᠦᠨᠴᠡ ᠶᠢ ᠤᠷᠲᠤᠳᠬᠠᠵᠤ᠂ ᠨᠠᠷᠢᠯᠢᠭ | ᠤᠨᠤᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ | ᠠᠮᠢᠳᠤᠯᠢᠭ ᠢᠶᠠᠷ ᠠᠵᠢᠯ ᠣᠯᠤᠭᠰᠠᠳ ᠤᠨ ᠬᠠᠮᠲᠤᠯᠢᠭ ᠤᠨ ᠣᠯᠠᠨ ᠶᠠᠩᠵᠤ ᠶᠢᠨ᠂ ᠬᠡᠷᠡᠭᠴᠡᠭᠡ | ᠱᠠᠭᠠᠷᠳᠠᠯᠭ᠎ᠠ ᠶᠢᠨ ᠣᠨᠴᠠᠯᠢᠭ ᠲᠤ ᠴᠢᠭᠯᠡᠭᠦᠯᠦᠨ᠂ ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ | ᠲᠥᠪ ᠤᠨ ᠦᠢᠯᠡᠴᠢᠯᠡᠭᠡᠨ ᠤ ᠠᠭᠤᠯᠤᠭᠳᠠᠬᠤᠨ ᠢᠶᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠨᠠᠷᠢᠯᠢᠭ | ᠤᠨᠤᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠪᠡ᠃ ᠨᠢᠭᠡ ᠲᠠᠯ᠎ᠠ ᠪᠠᠷ᠂ ᠣᠯᠠᠨ ᠲᠠᠰ ᠤᠨ ᠰᠦᠢᠳᠬᠡᠯ ᠲᠤᠰᠢᠶᠠᠬᠤ | ᠪᠠᠷᠢᠮᠵᠢᠶ᠎ᠠ ᠶᠢ ᠠᠮᠢᠳᠤᠯᠢᠭ ᠢᠶᠠᠷ ᠠᠵᠢᠯ ᠣᠯᠤᠭᠰᠠᠳ ᠲᠤ ᠰᠦᠢᠳᠬᠡᠯ ᠲᠤᠰᠢᠶᠠᠬᠤ ᠥᠪᠡᠷᠮᠢᠴᠡ ᠰᠣᠩᠭᠤᠯᠲᠠ | ᠬᠠᠩᠭᠠᠵᠤ᠂ ᠨᠠᠰᠤᠵᠢᠯ ᠤᠨ ᠳᠠᠭᠠᠳᠬᠠᠯ ᠤᠨ ᠳᠦᠷᠢᠮ ᠤᠨ ᠨᠠᠩ ᠥᠷᠭᠡᠨ ᠳᠡᠯᠭᠡᠷ ᠬᠥᠮᠦᠰ ᠢ ᠬᠠᠮᠤᠷᠬᠤ ᠶᠢ ᠦᠨᠡᠨᠬᠦ | ᠪᠠᠲᠤᠯᠠᠪᠠ᠃ ᠨᠥᠭᠦᠭᠡ ᠲᠠᠯ᠎ᠠ ᠪᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠬᠤᠯᠪᠣᠭᠠᠯᠠᠨ ᠬᠠᠮᠵᠢᠯᠴᠠᠬᠤ ᠪᠠᠨ | ᠴᠢᠩᠭᠠᠳᠬᠠᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠠᠢ ᠨᠡᠪᠲᠡᠷᠡᠯᠴᠡᠨ ᠬᠤᠯᠪᠣᠭᠠᠯᠠᠨ | ᠬᠥᠳᠡᠯᠦᠯᠴᠡᠵᠦ᠂ ᠠᠮᠢᠳᠤᠯᠢᠭ ᠢᠶᠠᠷ ᠠᠵᠢᠯ ᠣᠯᠤᠭᠰᠠᠳ ᠢ ᠲᠠᠨᠢᠯᠴᠠᠭᠤᠯᠵᠤ ᠠᠵᠢᠯ ᠣᠯᠭᠤᠯᠲᠠ ᠶᠢᠨ | ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠵᠢᠯᠣᠭᠤᠳᠣᠯᠭ᠎ᠠ ᠳᠤ ᠢᠳᠡᠪᠬᠢᠲᠡᠶ ᠣᠷᠣᠯᠴᠠᠭᠤᠯᠵᠤ᠂ | ᠲᠡᠳᠡᠨᠤᠰ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠳᠤ ᠬᠦᠴᠦᠨ | ᠨᠡᠮᠡᠷᠢᠯᠡᠨ᠎ᠡ᠃ | ᠴᠢᠩᠱᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠨᠢ ︽ᠬᠤᠷᠳᠤᠴᠠ ᠶᠢ ᠲᠦᠷᠭᠡᠳᠭᠡᠬᠦ᠂ | ᠳᠤᠯᠠᠭᠠᠨ ᠢ ᠳᠡᠭᠡᠭᠰᠢᠯᠡᠭᠦᠯᠬᠦ᠂ ᠭᠦᠨᠴᠡ ᠶᠢ ᠥᠷᠭᠡᠳᠬᠡᠬᠦ︾ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠪᠠᠷ | ᠳᠠᠮᠵᠢᠭᠤᠯᠤᠨ᠂ ᠠᠮᠢᠳᠤᠯᠢᠭ ᠢᠶᠠᠷ ᠠᠵᠢᠯ ᠣᠯᠤᠭᠰᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠰᠦᠢᠳᠭᠡᠯ ᠲᠤᠰᠢᠶᠠᠬᠤ ᠶᠠᠪᠤᠴᠠ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ | ᠪᠠᠷᠠᠬᠤ ᠥᠬᠡᠶ᠂ ᠨᠠᠩ ᠴᠤ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠢᠶᠠᠷ ᠭᠤᠤᠯ ᠪᠣᠯᠭᠠᠬᠤ︾ | ᠦᠢᠯᠡᠴᠢᠯᠡᠭᠡᠨ ᠤ ᠣᠨᠣᠯᠵᠢᠬᠤᠨ ᠢ ᠦᠢᠯᠡᠳᠦᠯᠭᠡᠵᠢᠭᠦᠯᠵᠦ᠂ ᠨᠠᠩ ᠲᠥᠪ ᠭᠤᠤᠯᠴᠢ᠂ ᠦᠷᠭᠦᠯᠵᠢᠯᠡᠬᠦ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ ᠴᠢᠩᠱᠠᠨ ᠲᠣᠭᠤᠷᠢᠭ ᠤᠨ | ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠦᠢᠯᠡᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠠᠮᠢᠳᠤᠯᠢᠭ ᠢᠶᠠᠷ | ᠠᠵᠢᠯ ᠣᠯᠤᠭᠰᠠᠳ ᠨᠢᠭᠡᠪᠦᠷᠢ ᠳᠤ ᠴᠥᠮ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ᠂ ᠬᠠᠯᠠᠭᠤᠨ ᠳᠤᠯᠠᠭᠠᠨ | ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ ᠡᠳ᠋ᠯᠡᠭᠦᠯᠵᠦ᠂ ᠨᠡᠩ ᠰᠠᠶᠢᠨ ᠰᠠᠶᠢᠬᠠᠨ ᠢᠷᠡᠭᠡᠳᠦᠢ ᠲᠡᠰᠢ ᠬᠠᠮᠲᠤᠪᠠᠷ | ᠤᠷᠤᠭᠰᠢᠯᠠᠨ᠎ᠠ᠃ | | | | | |