ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤᠷᠠᠨ ᠰᠤᠷᠤᠯᠴᠠᠬᠤ ᠵᠢᠱᠢᠶ᠎ᠡ ᠦᠵᠡᠭᠦᠯᠬᠦ ᠠᠵᠢᠯᠯᠠᠭ᠎ᠠ ᠵᠢᠴᠢ 2024 ᠣᠨ ᠤ 21 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/12/26
      ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 12 ᠰᠠᠷ᠎ᠠ ᠶᠢᠨ 25 ᠤ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠪᠣᠯᠤᠨ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤᠷᠠᠨ ᠰᠤᠷᠤᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ ᠬᠤᠷᠠᠯ ᠢ ᠡᠷᠭᠢᠯᠡᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠰᠤᠯᠠ ᠰᠣᠨᠣᠰᠬᠤ ︵ᠲᠣᠭᠤᠷᠢᠨ ᠰᠣᠨᠣᠰᠬᠤ︶ ᠠᠵᠢᠯ ᠤᠨ ᠳᠤᠭᠤᠶᠢᠯᠠᠩ ᠤᠨ ᠤᠳᠤᠷᠢᠳᠤᠯᠭ᠎ᠠ᠂ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᡁᠢ ᠢᠦᠶ ᠬᠤᠷᠠᠯ ᠳᠤ ᠣᠷᠣᠯᠴᠠᠨ ᠵᠢᠯᠣᠭᠤᠳᠴᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠲᠣᠰ ᠤᠳᠠᠭᠠᠨ ᠤ ᠬᠠᠮᠲᠤᠷᠠᠭᠰᠠᠨ ᠬᠤᠷᠠᠯ ᠳᠤ ᠰᠤᠯᠠ ᠣᠷᠣᠯᠴᠠᠪᠠ᠃      ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠵᠣᠣ ᠶᠦᠩ ᠸᠧᠨ ︽ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ ᠰᠢᠨ᠎ᠡ ᠪᠠᠶᠢᠳᠠᠯ ᠳᠣᠤᠷᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠶ᠎ᠡ︾ ᠭᠡᠬᠦ ᠰᠡᠳᠦᠪ ᠢᠶᠠᠷ ᠲᠤᠷᠰᠢᠯᠭ᠎ᠠ ᠪᠠᠨ ᠰᠣᠯᠢᠯᠴᠠᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠵᠠᠩ ᠴᠢᠶᠠᠩ᠂ ᠵᠣᠣ ᠵᠢᠶᠠᠨ ᠭᠠᠩ᠂ ᠵᠢᠶᠠᠩ ᠲᠢᠶᠠᠨ ᠴᠧᠩ ᠲᠣᠰ ᠪᠡᠶ᠎ᠡ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠪᠤᠰᠤᠳ ᠭᠤᠤᠯ ᠳᠤᠭᠤᠶᠢᠯᠠᠩ ᠤᠨ ᠪᠦᠷᠢᠯᠳᠦᠬᠦᠨ ᠪᠢᠴᠢᠭ ‍ᠤᠨ‌‍ᠬᠡᠯᠪᠡᠷᠢ ᠪᠠᠷ ᠮᠠᠲ᠋ᠧᠷᠢᠶᠠᠯ ᠢᠶᠠᠨ ᠲᠤᠰᠢᠶᠠᠵᠠᠶ᠃ ᠬᠤᠲᠠ ᠶᠢᠨ ᠨᠠᠮ ᠤᠨ ᠬᠤᠷᠢᠶ᠎ᠠ ᠰᠤᠯᠠ ᠰᠣᠨᠣᠰᠬᠤ ︵ᠲᠣᠭᠤᠷᠢᠨ ᠰᠣᠨᠣᠰᠬᠤ︶ ᠠᠵᠢᠯ ᠤᠨ ᠳᠤᠭᠤᠶᠢᠯᠠᠩ ᠤᠨ ᠤᠳᠤᠷᠢᠳᠤᠯᠭ᠎ᠠ᠂ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᡁᠢ ᠢᠦᠶ ᠲᠣᠰ ᠤᠳᠠᠭᠠᠨ ᠤ ᠬᠤᠷᠠᠯ ᠤᠨ ᠰᠤᠷᠤᠯᠴᠠᠬᠤ ᠠᠭᠤᠯᠭ᠎ᠠ᠂ ᠰᠤᠳᠤᠯᠤᠨ ᠶᠠᠷᠢᠯᠴᠠᠬᠤ ᠮᠠᠲ᠋ᠧᠷᠢᠶᠠᠯ ᠵᠡᠷᠭᠡ ᠶᠢᠨ ᠲᠤᠬᠠᠶ ᠲᠤᠬᠠᠶ ᠶᠢᠨ ᠲᠠᠯᠠᠪᠤᠷ ᠤᠨ ᠦᠨᠡᠯᠡᠯᠲᠡ ᠬᠢᠵᠦ᠂ ᠲᠣᠰ ᠤᠳᠠᠭᠠᠨ ᠤ ᠬᠠᠮᠲᠤᠷᠠᠭᠰᠠᠨ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ ᠨᠢ ᠬᠦᠴᠦᠲᠡᠶ᠂ ᠭᠤᠤᠯ ᠰᠡᠳᠦᠪ ᠨᠢ ᠲᠣᠪᠤᠶᠢᠮ᠎ᠠ᠂ ᠬᠡᠯᠪᠡᠷᠢ ᠨᠢ ᠰᠢᠨ᠎ᠡ ᠪᠠᠶᠢᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠣᠶᠢᠯᠠᠭᠠᠭᠰᠠᠨ ᠪᠥᠭᠡᠳ ᠪᠠᠰᠠ ᠬᠤᠶᠠᠷ ᠡᠲᠡᠭᠡᠳ ᠤᠨ ᠬᠠᠮᠲᠤ ᠶᠢᠨ ᠲᠤᠬᠠᠶᠢᠯᠠᠭᠰᠠᠨ ᠠᠵᠢᠯ ᠲᠠᠢ ᠤᠶᠠᠯᠳᠤᠭᠤᠯᠵᠤ᠂ ᠬᠠᠮᠲᠤᠷᠠᠨ ᠰᠤᠷᠤᠯᠴᠠᠵᠤ ᠬᠠᠷᠢᠯᠴᠠᠨ ᠠᠬᠢᠭᠤᠯᠵᠤ ᠬᠠᠷᠢᠯᠴᠠᠨ ᠠᠬᠢᠭᠤᠯᠬᠤ ᠵᠣᠷᠢᠯᠭ᠎ᠠ ᠳᠠᠭᠠᠨ ᠬᠦᠷᠴᠡᠶ ᠭᠡᠵᠦ ᠢᠯᠡᠳᠭᠡᠪᠡ᠃      ᠬᠤᠷᠠᠯ ᠠᠴᠠ᠂ ᠪᠦᠬᠦ ᠲᠤᠭᠤᠷᠢᠭ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠦᠢᠯ ᠤᠨ ᠰᠡᠳᠭᠢᠬᠦᠢ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠬᠦᠷᠢᠶ᠎ᠡ ᠪᠣᠯᠤᠨ ᠴᠢᠬᠤᠯᠠ ᠲᠠᠯᠠᠪᠤᠷ ᠢ ᠴᠢᠩᠭ᠎ᠠ ᠠᠩᠬᠠᠷᠴᠤ᠂ ᠡᠬᠢ ᠡᠭᠦᠰᠦᠯ ᠠᠴᠠ ᠨᠢ ᠵᠠᠰᠠᠬᠤ ᠪᠠ ᠶᠠᠪᠤᠴᠠ ᠶᠢ ᠬᠠᠮᠢᠶᠠᠷᠤᠨ ᠡᠵᠡᠮᠳᠡᠬᠦ ᠶᠢ ᠲᠤᠪᠤᠶᠢᠯᠭᠠᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠠᠮᠲᠤᠪᠠᠷ ᠡᠳ᠋ᠯᠡᠵᠦ ᠬᠤᠯᠪᠣᠭᠠᠯᠠᠨ ᠬᠥᠳᠡᠯᠦᠯᠴᠡᠬᠦ᠂ ᠱᠠᠯᠠᠪᠳᠠᠭᠤᠯᠤᠨ ᠰᠢᠯᠭᠠᠨ ᠦᠨᠡᠯᠡᠬᠦ ᠵᠡᠷᠭᠡ ᠡᠯ᠎ᠡ ᠵᠦᠢᠯ ᠤᠨ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠶ᠎ᠠ ᠣᠷᠣᠨ᠂ ᠠᠵᠢᠯ ᠲᠦᠷᠦᠯ ᠪᠣᠯᠤᠨ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠦᠨᠡᠨᠬᠦ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤᠷᠠᠨ ᠰᠤᠷᠤᠯᠴᠠᠬᠤ ᠪᠣᠯ ᠰᠣᠯᠢᠯᠴᠠᠭ᠎ᠠ ᠲᠣᠯᠢᠯᠠᠯ ᠢ ᠠᠬᠢᠭᠤᠯᠬᠤ ᠬᠥᠭᠦᠷᠭᠡ ᠬᠤᠯᠪᠣᠭᠠᠰᠤ ᠮᠥᠨ᠂ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ᠂ ᠰᠤᠷᠤᠯᠴᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠴᠢᠬᠤᠯᠠ ᠭᠤᠭᠴᠤᠭ᠎ᠠ ᠮᠥᠨ᠂ ᠲᠣᠰ ᠤᠳᠠᠭᠠᠨ ᠤ ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠪᠠ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤᠷᠠᠨ ᠰᠤᠷᠤᠯᠴᠠᠬᠤ ᠪᠣᠯ ᠳᠡᠭᠡᠳᠦ ᠱᠠᠲᠤᠨ ᠤ ᠣᠨᠣᠯ ᠰᠤᠷᠤᠯᠴᠠᠬᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠠᠪᠤᠳᠠᠯ ᠮᠥᠨ ᠪᠥᠭᠡᠳ ᠪᠠᠰᠠ ᠴᠤ ᠪᠥᠬᠦ ᠲᠤᠭᠤᠷᠢᠭ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠳᠤ ᠰᠠᠶᠢᠨ ᠵᠢᠱᠢᠶ᠎ᠡ ᠦᠵᠡᠭᠦᠯᠪᠡ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠲᠤᠰ ᠤᠳᠠᠭ᠎ᠠ ᠶᠢᠨ ᠬᠠᠮᠲᠤᠷᠠᠭᠰᠠᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠤᠬᠠᠶᠢᠯᠠᠭᠰᠠᠨ ᠠᠵᠢᠯ ᠤᠨ ᠰᠣᠯᠢᠯᠴᠠᠭᠠᠨ ᠤ ᠲᠠᠯ᠎ᠠ ᠪᠠᠷ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠦᠨᠡᠨ ᠪᠣᠳᠠᠲᠠᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯᠯᠠᠭ᠎ᠠ ᠪᠦᠬᠦᠨ ᠦᠷ᠎ᠡ ᠪᠦᠲᠦᠮᠵᠢ ᠣᠯᠵᠤ᠂ ᠪᠤᠭᠤᠲᠤ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠢ ᠲᠠᠬᠢᠨ ᠡᠷᠭᠢᠴᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠴᠢᠩᠱᠠᠨ ᠤ ᠬᠠᠷᠢᠭᠤᠯᠲᠠ︾ ᠶᠢ ᠰᠠᠶᠢᠲᠤᠷ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号