ᠣᠯᠠᠨ ᠲᠦᠮᠡᠨ ᠤ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ | ᠬᠠᠩᠭᠠᠬᠤ ᠶᠢᠨ ᠲᠥᠯᠥᠭᠡ᠂ 12 ᠰᠠᠷ᠎ᠠ ᠶᠢᠨ 24 ᠤ ᠡᠳᠦᠷ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠦᠦ | ᠯᠢ ᠰᠠᠯᠪᠤᠷᠢ ᠪᠠᠩᠬᠢ ᠬᠠᠮᠲᠤᠷᠠᠨ ᠪᠠᠶᠢᠭᠤᠯᠤᠭᠰᠠᠨ ︽ᠨᠡᠶᠢᠭᠡᠮ ᠤᠨ ᠪᠠᠲᠤᠯᠠᠭ᠎ᠠ ᠬᠢᠭᠡᠳ ᠪᠠᠩᠬᠢ ᠨᠢᠭᠡ | ᠴᠤᠭᠴᠠᠵᠢᠭᠤᠯᠬᠤ︾ ᠦᠢᠯᠡᠴᠢᠯᠡᠭᠡᠨ ᠤ ᠲᠣᠤᠷ ᠴᠡᠭ ᠨᠢ ᠵᠢᠩᠬᠢᠨᠢ ᠪᠠᠷ ᠭᠡᠷ᠎ᠡ ᠲᠣᠭᠲᠠᠪᠠ᠃ ᠴᠢᠩᠱᠠᠨ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠪᠴᠢᠶᠠᠨ ᠤ ᠳᠠᠷᠤᠭ᠎ᠠ ᠰᠦᠨ | ᠪᠢᠩ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ | ᠡᠷᠬᠢᠯᠡᠭᠴᠢ ᠸᠠᠩ ᠴᠢᠥᠢ ᠪᠠ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠪᠤᠭᠤᠲᠤ ᠶᠢᠨ ᠬᠤᠪᠢᠶᠠᠷᠢ ᠪᠠᠩᠬᠢ ᠶᠢᠨ | ᠤᠳᠤᠷᠢᠳᠬᠤ ᠪᠠᠭ ᠤᠨ ᠪᠦᠷᠢᠯᠳᠦᠬᠦᠨ ᠶᠣᠰᠣᠯᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠶᠠᠷ ᠡᠲᠡᠭᠡᠳ ᠤᠨ ᠲᠥᠯᠥᠭᠡᠯᠡᠭᠴᠢ ᠲᠣᠰ ᠲᠣᠰ ᠪᠠᠶᠠᠷ ᠤᠨ ᠦᠭᠡ ᠬᠡᠯᠡᠭᠰᠡᠨ ᠪᠥᠭᠡᠳ | ︽ᠨᠡᠶᠢᠭᠡᠮ ᠤᠨ ᠪᠠᠲᠤᠯᠠᠭ᠎ᠠ ᠬᠢᠭᠡᠳ ᠪᠠᠩᠬᠢ ᠨᠢᠭᠡ ᠴᠤᠭᠴᠠᠵᠢᠭᠤᠯᠬᠤ︾ ᠲᠥᠷᠥᠯ ᠵᠦᠢᠯ ᠤᠨ ᠬᠠᠮᠲᠤᠷᠠᠯᠴᠠᠭᠠᠨ ᠤ | ᠵᠥᠪᠯᠡᠯᠴᠡᠭᠡᠷ ᠲᠣᠭᠲᠠᠪᠠ᠃ ᠰᠦᠨ ᠪᠢᠩ ᠵᠢᠭᠠᠵᠤ ᠭᠠᠷᠭᠠᠭᠰᠠᠨ ᠨᠢ᠂ ᠨᠡᠶᠢᠭᠡᠮ ᠤᠨ ᠪᠠᠲᠤᠯᠠᠭ᠎ᠠ ᠬᠢᠭᠡᠳ ᠪᠠᠩᠬᠢ ᠶᠢᠨ | ᠨᠢᠭᠡ ᠴᠣᠭᠴᠠᠵᠢᠭᠤᠯᠤᠭᠰᠠᠨ ᠲᠥᠷᠥᠯ ᠵᠦᠢᠯ ᠨᠢ ᠨᠡᠶᠢᠭᠡᠮ ᠤᠨ ᠪᠠᠲᠤᠯᠠᠭ᠎ᠠ ᠬᠢᠭᠡᠳ ᠪᠠᠩᠬᠢ ᠶᠢᠨ ᠰᠢᠰᠲ᠋ᠧᠮ ᠤᠨ | ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠬᠦᠴᠦᠯᠡᠨ ᠴᠢᠷᠮᠠᠶᠢᠵᠤ᠂ ᠳᠥᠭᠦᠮ ᠳᠥᠲᠡ᠂ ᠥᠨᠳᠥᠷ | ᠪᠦᠲᠦᠮᠵᠢᠲᠡᠶ ᠪᠥᠭᠡᠳ ᠵᠢᠷᠤᠮᠵᠢᠭᠰᠠᠨ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠠᠪᠴᠠᠩ ᠢ ᠪᠥᠬᠦ | ᠬᠦᠴᠦᠨ ᠢᠶᠠᠷ ᠢᠶᠠᠨ ᠪᠠᠶᠢᠭᠤᠯᠤᠨ᠎ᠠ᠃ ᠬᠤᠶᠠᠷ ᠡᠲᠡᠭᠡᠳ ᠤᠨ ᠬᠠᠮᠲᠤᠷᠠᠯᠴᠠᠭᠠᠨ ᠤ ᠬᠦᠴᠦᠨ ᠢ ᠠᠰᠢᠭᠯᠠᠨ᠂ ᠥᠷᠭᠡᠨ | ᠣᠯᠠᠨ ᠠᠷᠠᠳ ᠲᠦᠮᠡᠨ ᠦᠷᠭᠦᠯᠵᠢᠯᠡᠨ ᠪᠠᠩᠬᠢ ᠶᠢᠨ ᠡᠯ᠎ᠡ ᠡᠵᠡᠩᠨᠡᠯᠲᠡ ᠶᠢᠨ ᠲᠣᠤᠷ ᠴᠡᠭ ᠤᠨ ᠨᠢᠭᠡ ᠯᠡ | ᠥᠷᠲᠡᠭᠡᠨ ᠤ ᠮᠠᠶ᠋ᠢᠭ ᠢᠶᠠᠷ ᠣᠯᠠᠨ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ | ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠳᠠᠩᠰᠠᠯᠠᠬᠤ᠂ ᠠᠵᠢᠯᠲᠠᠨ ᠤ ᠳᠠᠭᠠᠳᠬᠠᠯ ᠳᠤ ᠣᠷᠣᠯᠴᠠᠭᠰᠠᠨ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠢᠴᠢ ᠰᠦᠢᠳᠭᠡᠯ ᠲᠤᠰᠢᠶᠠᠭᠰᠠᠨ ᠭᠡᠷᠡᠴᠢ ᠶᠢ ᠳᠠᠷᠤᠮᠠᠯᠯᠠᠬᠤ᠂ ᠨᠡᠶᠢᠭᠡᠮ ᠤᠨ | ᠳᠠᠭᠠᠳᠬᠠᠯ ᠤᠨ ᠰᠦᠢᠳᠭᠡᠯ ᠲᠤᠰᠢᠶᠠᠬᠤ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠤᠨ | ᠭᠡᠷᠡᠴᠢᠯᠡᠯ ᠠᠪᠬᠤ ᠵᠡᠷᠭᠡ 30 ᠭᠠᠷᠤᠶ ᠵᠦᠢᠯ ᠤᠨ ᠵᠠᠩᠭᠢᠯᠠᠭ᠎ᠠ ᠶᠢᠨ ᠵᠦᠢᠯᠡᠰ ᠢ ᠬᠠᠮᠤᠷᠴᠤ᠂ ᠡᠨᠡ ᠨᠢ ᠠᠵᠢᠯ | ᠶᠠᠪᠤᠳᠠᠯ ᠭᠦᠢᠴᠡᠳᠭᠡᠬᠦ ᠴᠤᠪᠤᠷᠠᠯ ᠢ ᠢᠯᠡᠳᠲᠡ ᠪᠠᠭᠠᠰᠬᠠᠵᠤ᠂ ᠠᠷᠠᠳ ᠣᠯᠠᠨ ᠤ ᠠᠵᠢᠯ ᠶᠠᠪᠤᠳᠠᠯ ᠭᠦᠢᠴᠡᠳᠭᠡᠬᠦ ᠳᠤ | ᠬᠦᠯᠢᠶᠡᠬᠦ ᠴᠠᠭ ᠢ ᠶᠡᠭᠡ ᠪᠠᠷ ᠪᠠᠭᠠᠰᠬᠠᠵᠤ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ | ᠳᠤᠲᠠᠭᠤ ᠭᠦᠶᠦᠯᠭᠡᠬᠦ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠷᠠᠯᠲᠠ ᠶᠢ ᠦᠨᠡᠨ ᠬᠦ ᠪᠡᠶᠡᠯᠡᠭᠦᠯᠵᠦ᠂ | ᠠᠷᠠᠳ ᠣᠯᠠᠨ ᠤ ᠠᠵᠢᠯ ᠶᠠᠪᠤᠳᠠᠯ ᠭᠦᠢᠴᠡᠳᠭᠡᠬᠦ ᠣᠶᠢᠯᠠᠭᠠᠯᠲᠠ ᠪᠠ ᠬᠦᠷᠲᠡᠮᠵᠢ ᠶᠢᠨ ᠲᠥᠷᠥᠭᠳᠡᠯ ᠢ ᠲᠦᠢᠯ ᠤᠨ | ᠶᠡᠭᠡ ᠪᠠᠷ ᠳᠡᠭᠡᠭᠰᠢᠯᠡᠭᠦᠯᠬᠦ ᠪᠣᠯᠤᠨ᠎ᠠ ᠭᠡᠪᠡ᠃ | ᠭᠡᠷ᠎ᠡ ᠲᠣᠭᠲᠠᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠶᠠᠷ ᠡᠲᠡᠭᠡᠳ ᠤᠨ ᠤᠳᠤᠷᠢᠳᠤᠯᠭ᠎ᠠ ᠵᠢᠴᠢ | ᠬᠠᠮᠢᠶ᠎ᠠ ᠪᠦᠬᠦᠢ ᠬᠥᠮᠦᠰ ︽ᠨᠡᠶᠢᠭᠡᠮ ᠤᠨ ᠪᠠᠲᠤᠯᠠᠭ᠎ᠠ ᠬᠢᠭᠡᠳ ᠪᠠᠩᠬᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ | ᠲᠣᠤᠷ ᠴᠡᠭ ᠲᠤ ᠬᠦᠷᠴᠦ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠲᠣᠤᠷ ᠴᠡᠭ ᠢ ᠪᠠᠶᠢᠭᠤᠯᠤᠭᠰᠠᠨ ᠪᠠᠶᠢᠳᠠᠯ ᠢ | ᠲᠣᠭᠤᠷᠢᠨ ᠦᠵᠡᠪᠡ᠃ | ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ︽ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ︾ ᠭᠤᠤᠯᠯᠠᠭᠴᠢ ᠦᠢᠯᠡᠴᠢᠯᠡᠭᠡᠨ ᠤ | ᠵᠣᠷᠢᠯᠲᠠ ᠶᠢ ᠢᠮᠠᠭᠲᠠ ᠪᠠᠷᠢᠮᠲᠠᠯᠠᠵᠤ᠂ ᠤᠷᠲᠤ ᠬᠤᠭᠤᠴᠠᠭ᠎ᠠ ᠪᠠᠷ ᠲᠣᠭᠲᠠᠭᠤᠨ᠂ ᠥᠨᠳᠥᠷ ᠪᠦᠲᠦᠮᠵᠢᠲᠡᠶ ᠪᠠᠷ | ᠬᠠᠮᠵᠢᠯᠴᠠᠭᠰᠠᠨ ᠪᠥᠭᠡᠳ ᠬᠠᠷᠢᠯᠴᠠᠨ ᠢᠲᠡᠭᠡᠯᠴᠡᠵᠦ ᠬᠠᠷᠢᠯᠴᠠᠨ ᠬᠠᠪᠰᠤᠷᠤᠯᠴᠠᠬᠤ ᠲᠣᠭᠲᠠᠴᠠ ᠶᠢ ᠬᠦᠴᠦᠯᠡᠨ | ᠪᠠᠶᠢᠭᠤᠯᠤᠨ᠎ᠠ᠃ ᠬᠤᠶᠠᠷ ᠡᠲᠡᠭᠡᠳ ᠢᠶᠠᠷ ᠢᠶᠠᠨ ᠦᠨᠡᠨᠴᠢ ᠪᠠᠷ ᠬᠠᠮᠵᠢᠯᠴᠠᠵᠤ᠂ ᠭᠠᠷ ᠬᠤᠯᠪᠣᠨ ᠬᠠᠮᠲᠤᠪᠠᠷ | ᠤᠷᠤᠭᠰᠢᠯᠠᠬᠤ ᠳᠣᠣᠷ᠎ᠠ᠂ ᠬᠤᠷᠰᠢᠶ᠎ᠠ ᠪᠠᠩᠬᠢ ᠶᠢᠨ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠨᠢ ᠨᠡᠶᠢᠭᠡᠮ | ᠨᠡᠶᠢᠲᠡ ᠶᠢᠨ ᠴᠣ ᠰᠢᠨ᠎ᠡ ᠰᠢᠯᠢᠳᠡᠭ ᠦᠢᠯᠡᠴᠢᠯᠡᠭᠡ ᠶᠢ ᠪᠡᠶᠡᠴᠢᠯᠡᠨ ᠣᠶᠢᠯᠠᠭᠠᠬᠤ ᠵᠠᠭᠪᠤᠷ ᠢ ᠡᠭᠦᠳᠴᠦ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯ ᠴᠡᠴᠡᠭᠯᠡᠯ ᠵᠢᠴᠢ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠬᠦᠷᠢᠶᠡᠨ ᠤ ᠰᠢᠨ᠎ᠡ ᠶᠢ ᠡᠭᠦᠳᠬᠦ ᠲᠠᠪᠰᠢᠯᠳᠠ ᠳᠤ ᠬᠦᠴᠦᠷᠬᠡᠭ ᠶᠡᠭᠡ ᠪᠥᠭᠡᠳ | ᠤᠳᠠᠭᠠᠨ ᠳᠠᠭᠠᠭᠠᠮᠠᠭᠠᠢ ᠬᠥᠳᠡᠯᠭᠡᠬᠦ ᠬᠦᠴᠦᠨ ᠤ ᠡᠬᠢ ᠪᠤᠯᠠᠭ ᠢ ᠨᠡᠮᠡᠷᠢᠯᠡᠵᠦ᠂ ᠨᠡᠶᠢᠭᠡᠮ ᠤᠨ ᠪᠠᠲᠤᠯᠠᠭ᠎ᠠ ᠬᠢᠭᠡᠳ | ᠪᠠᠩᠬᠢ ᠨᠢᠭᠡ ᠴᠤᠬᠴᠠᠵᠢᠭᠤᠯᠤᠬᠰᠠᠨ ᠬᠠᠮᠲᠤᠷᠠᠯᠴᠠᠭᠠᠨ ᠤ ᠡᠯᠪᠡᠭ ᠪᠠᠶᠠᠯᠢᠭ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ | ᠪᠣᠯᠤᠨ᠎ᠠ᠃ | | | | | | |