ᠴᠢᠩᠱᠠᠨ ᠲᠣᠭᠤᠷᠢᠭ ᠤᠨ ᠨᠣᠮ ᠤᠨ ᠰᠠᠩ ᠨᠣᠮ ᠪᠢᠴᠢᠭ ᠢ ᠬᠥᠳᠡᠭᠡ ᠲᠣᠰᠬᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/3
      ᠬᠥᠳᠡᠭᠡ ᠲᠣᠰᠬᠤᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 2024 ᠣᠨ ᠤ 11 ᠰᠠᠷ᠎ᠠ ᠠᠴᠠ ᠡᠬᠢᠯᠡᠨ᠂ ᠴᠢᠩᠱᠠᠨ ᠲᠣᠭᠤᠷᠢᠭ ᠤᠨ ᠨᠣᠮ ᠤᠨ ᠰᠠᠩ ᠤᠩᠰᠢᠯᠭ᠎ᠠ ᠶᠢ ᠳᠡᠯᠭᠡᠷᠡᠭᠦᠯᠬᠦ ᠬᠠᠮᠢᠶ᠎ᠠ ᠪᠦᠬᠦᠢ ᠦᠢᠯᠡᠴᠢᠯᠡᠭᠡ ᠶᠢ ᠢᠳᠡᠪᠬᠢᠲᠡᠢ ᠵᠣᠬᠢᠶᠠᠨ ᠪᠠᠶᠢᠭᠤᠯᠤᠨ ᠦᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠡᠳᠦᠷ᠂ ᠨᠣᠮ ᠤᠨ ᠰᠠᠩ ᠤᠨ ᠠᠵᠢᠯᠲᠠᠳ ᠠᠯᠢ ᠡᠷᠲᠡ ᠸᠠᠩ ᠶᠢᠩ ᠵᠢᠢ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢ ᠨᠠᠷᠢᠨ ᠨᠢᠮᠪᠠᠢ ᠪᠠᠶᠢᠷᠢᠯᠠᠭᠤᠯᠵᠠᠢ᠃ ᠬᠡᠳᠦᠶᠢᠪᠡᠷ ᠡᠪᠦᠯ ᠤᠨ ᠡᠳᠦᠷ ᠤᠨ ᠬᠦᠢᠲᠡᠨ ᠰᠠᠯᠬᠢ ᠲᠡᠰᠬᠢᠮ᠎ᠡ ᠬᠦᠢᠲᠡᠨ ᠪᠣᠯᠪᠠᠴᠤ ᠲᠤᠬᠠᠢ ᠶᠢᠨ ᠲᠠᠯᠠᠪᠠᠢ ᠳᠤ ᠬᠠᠷᠢᠨ ᠣᠷᠭᠢᠯᠤᠮ᠎ᠠ ᠬᠠᠯᠠᠭᠤᠨ ᠰᠡᠳᠭᠢᠯᠭᠡ ᠪᠢᠯᠬᠠᠵᠦ᠂ ᠲᠣᠰ ᠤᠳᠠᠭᠠᠨ ᠤ ᠰᠣᠶᠣᠯ ᠬᠦᠷᠭᠡᠬᠦ ᠦᠢᠯᠡᠴᠢᠯᠡᠭᠡᠨ ᠤ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ ᠣᠯᠠᠨ ᠶᠠᠩᠵᠤ ᠶᠢᠨ ᠪᠠᠶᠢᠵᠤ᠂ ᠬᠡᠯᠪᠡᠷᠢ ᠨᠢ ᠭᠤᠶᠢᠳᠠ ᠰᠠᠶᠢᠬᠠᠨ᠂ ᠮᠠᠰᠢ ᠣᠯᠠᠨ ᠲᠣᠰᠬᠤᠨ ᠤ ᠠᠷᠠᠳ ᠤᠨ ᠰᠤᠨᠢᠷᠬᠠᠯ ᠢ ᠲᠠᠲᠠᠪᠠ᠃      ᠴᠢᠩᠱᠠᠨ ᠲᠣᠭᠤᠷᠢᠭ ᠤᠨ ᠨᠣᠮ ᠤᠨ ᠰᠠᠩ ᠬᠥᠳᠡᠭᠡ ᠲᠣᠰᠬᠤᠨ ᠤ ᠣᠯᠠᠨ ᠲᠦᠮᠡᠨ ᠤ ᠨᠣᠮ ᠰᠡᠳᠬᠦᠯ ᠢ ᠨᠠᠷᠢᠨ ᠨᠢᠮᠪᠠᠶ ᠰᠣᠩᠭᠤᠵᠤ᠂ ᠲᠠᠷᠢᠶᠠᠯᠠᠩ ᠤᠨ ᠲᠠᠷᠢᠵᠤ ᠲᠡᠵᠢᠭᠡᠬᠦ ᠮᠡᠷᠭᠡᠵᠢᠯ᠂ ᠡᠷᠡᠭᠦᠯ ᠮᠡᠨᠳᠦ ᠪᠡᠶ᠎ᠡ ᠰᠤᠪᠢᠯᠠᠬᠤ ᠮᠡᠳᠡᠯᠭᠡ᠂ ᠤᠳᠬ᠎ᠠ ᠵᠣᠬᠢᠶᠠᠯ ᠤᠨ ᠰᠣᠩᠭᠤᠬᠤ᠂ ᠪᠠᠭᠠᠴᠤᠳ ᠬᠡᠦᠬᠡᠳ ᠤᠨ ᠤᠩᠰᠢᠬᠤ ᠪᠢᠴᠢᠭ ᠵᠡᠷᠭᠡ ᠣᠯᠠᠨ ᠬᠦᠷᠢᠶ᠎ᠡ ᠶᠢ ᠬᠠᠮᠤᠷᠴᠤ᠂ ᠨᠡᠶᠢᠲᠡ 300 ᠭᠠᠷᠤᠶ ᠳᠡᠪᠲᠡᠷ ᠪᠠᠶᠢᠨ᠎ᠠ᠃ ᠡᠳᠡᠭᠡᠷ ᠨᠣᠮ ᠪᠢᠴᠢᠭ ᠨᠢ ᠶᠠᠭ ᠮᠡᠳᠡᠯᠭᠡ ᠶᠢᠨ ᠡᠷᠳᠡᠨᠢ ᠶᠢᠨ ᠰᠠᠩ ᠰᠢᠭ᠋ ᠲᠣᠰᠬᠤᠨ ᠤ ᠠᠷᠠᠳ ᠲᠤ ᠭᠠᠳᠠᠨ᠎ᠠ ᠶᠢᠷᠲᠢᠨᠴᠦ ᠶᠢ ᠣᠶᠢᠯᠠᠭᠠᠬᠤ᠂ ᠬᠡᠷᠡᠭᠯᠡᠭᠡᠨ ᠤ ᠤᠷ᠎ᠠ ᠴᠢᠳᠠᠪᠤᠷᠢ ᠶᠢ ᠰᠤᠷᠤᠯᠴᠠᠬᠤ ᠴᠣᠩᠬᠤ ᠨᠡᠭᠡᠭᠡᠵᠦ ᠥᠭᠴᠡᠶ᠃ ᠠᠵᠢᠯᠲᠠᠳ ᠲᠤᠬᠠᠢ ᠶᠢᠨ ᠲᠠᠯᠠᠪᠠᠢ ᠳᠤ ᠨᠣᠮ ᠪᠢᠴᠢᠭ ᠢ ᠲᠦᠷᠦᠯ ᠬᠤᠪᠢᠶᠠᠨ ᠲᠠᠯᠪᠢᠵᠤ᠂ ᠲᠣᠰᠬᠤᠨ ᠤ ᠠᠷᠠᠳ ᠤᠨ ᠰᠣᠩᠭᠤᠨ ᠤᠩᠰᠢᠬᠤ ᠳᠤ ᠲᠦᠬᠦᠮ ᠦᠵᠡᠭᠦᠯᠬᠦ ᠶᠢᠨ ᠬᠠᠮᠲᠤ ᠲᠡᠳᠡᠨᠤᠰ ᠲᠤ ᠡᠯ᠎ᠡ ᠲᠦᠷᠦᠯ ᠤᠨ ᠨᠣᠮ ᠪᠢᠴᠢᠭ ᠤᠨ ᠣᠨᠴᠠᠯᠢᠭ ᠪᠣᠯᠤᠨ ᠠᠭᠤᠯᠭ᠎ᠠ ᠶᠢ ᠬᠦᠯᠢᠴᠡᠩᠭᠦᠢ ᠪᠠᠷ ᠲᠠᠨᠢᠯᠴᠠᠭᠤᠯᠵᠤ᠂ ᠲᠣᠰᠬᠤᠨ ᠤ ᠠᠷᠠᠳ ᠢ ᠬᠠᠪᠰᠤᠷᠤᠨ ᠥᠪᠡᠷ ᠤᠨ ᠰᠣᠨᠢᠷᠬᠠᠯ ᠲᠠᠢ ᠤᠩᠰᠢᠬᠤ ᠪᠢᠴᠢᠭ ᠢ ᠨᠢ ᠡᠷᠢᠵᠦ ᠥᠭᠴᠡᠢ᠃ ᠮᠠᠰᠢ ᠣᠯᠠᠨ ᠲᠣᠰᠬᠤᠨ ᠤ ᠠᠷᠠᠳ ᠠᠵᠢᠯᠯᠠᠬᠤ ᠲᠠᠪᠴᠠᠩ ᠤᠨ ᠤᠷᠴᠢᠨ ᠲᠣᠭᠤᠷᠢᠨ ᠢ ᠨᠠᠷᠢᠨ ᠬᠢᠨᠠᠮᠠᠭᠠᠶ ᠦᠵᠡᠵᠦ᠂ ᠬᠠᠷᠢᠯᠴᠠᠨ ᠰᠣᠯᠢᠯᠴᠠᠨ ᠶᠠᠷᠢᠯᠴᠠᠵᠤ᠂ ᠡᠲᠡᠭᠡᠷ ︽ᠣᠶᠤᠨ ᠰᠠᠨᠠᠭᠠᠨ ᠤ ᠠᠮᠤ ᠪᠤᠳᠠᠭ᠎ᠠ︾ ᠳᠤ ᠲᠦᠢᠯ ᠤᠨ ᠶᠡᠭᠡ ᠬᠠᠯᠠᠭᠤᠨ ᠰᠡᠳᠬᠢᠯᠭᠡ ᠲᠠᠢ ᠪᠣᠯᠪᠠ᠃      ᠲᠣᠰ ᠤᠳᠠᠭᠠᠨ ᠤ ᠴᠢᠩᠱᠠᠨ ᠲᠣᠭᠤᠷᠢᠭ ᠤᠨ ᠨᠣᠮ ᠤᠨ ᠰᠠᠩ ᠬᠥᠳᠡᠭᠡ ᠲᠣᠰᠬᠤᠨ ᠳᠤ ᠨᠣᠮ ᠤᠩᠰᠢᠵᠤ ᠲᠦᠭᠡᠮᠡᠯᠵᠢᠭᠦᠯᠦᠨ ᠰᠣᠶᠣᠯ ᠬᠦᠷᠭᠡᠬᠦ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠪᠠ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠬᠥᠳᠡᠭᠡ ᠲᠣᠰᠬᠤᠨ ᠤ ᠣᠯᠠᠨ ᠲᠦᠮᠡᠨ ᠳᠤ ᠣᠶᠤᠨ ᠤ ᠪᠠ ᠰᠣᠶᠣᠯ ᠤᠨ ᠡᠯᠪᠡᠭ ᠪᠠᠶᠠᠯᠢᠭ ᠢᠳᠡᠭᠡᠨ ᠤᠮᠳᠠᠭᠠᠨ ᠬᠦᠷᠭᠡᠨ ᠥᠭᠴᠦ᠂ ᠲᠡᠳᠡᠨᠤᠰ ᠤᠨ ᠮᠡᠳᠡᠯᠭᠡ ᠶᠢᠨ ᠬᠦᠰᠡᠯ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ ᠨᠡᠩ ᠴᠢᠬᠤᠯᠠ ᠨᠢ ᠬᠥᠳᠡᠭᠡ ᠲᠣᠰᠬᠤᠨ ᠤ ᠡᠨᠡᠬᠦ ᠨᠤᠲᠤᠭ ᠳᠡᠪᠢᠰᠬᠡᠷ ᠳᠡᠭᠡᠷ᠎ᠡ ᠭᠦᠨ ᠵᠤᠵᠠᠭᠠᠨ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠡᠭᠦᠨ ᠤ ᠬᠠᠮᠲᠤ᠂ ᠠᠵᠢᠯᠲᠠᠳ ᠲᠣᠰᠬᠤᠨ ᠤ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠨᠣᠮ ᠤᠨ ᠰᠠᠩ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠬᠠᠤᠯᠢ︾ ᠶᠢᠨ ᠤᠬᠠᠭᠤᠯᠭ᠎ᠠ ᠶᠢᠨ ᠭᠠᠷ ᠳᠡᠪᠲᠡᠷ ᠢ ᠲᠠᠨᠢᠯᠴᠠᠭᠤᠯᠬᠤ ᠶᠢᠨ ᠬᠠᠮᠲᠤ ᠲᠠᠷᠬᠠᠭᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠪᠡ᠃      ᠴᠢᠩᠱᠠᠨ ᠲᠣᠭᠤᠷᠢᠭ ᠤᠨ ᠨᠣᠮ ᠤᠨ ᠰᠠᠩ ᠡᠨᠡ ᠬᠦ ᠲᠥᠷᠥᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠨᠡᠩ ᠣᠯᠠᠨ ᠬᠥᠳᠡᠭᠡ ᠲᠣᠰᠬᠤᠨ ᠤ ᠣᠯᠠᠨ ᠲᠦᠮᠡᠨ ᠳᠤ ᠨᠣᠮ ᠤᠩᠰᠢᠬᠤ ᠠᠴᠢ ᠲᠤᠰᠠ ᠶᠢ ᠬᠦᠷᠲᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠨᠴᠥᠭ ᠪᠤᠯᠤᠩ ᠳᠤ ᠨᠤᠮ ᠪᠢᠴᠢᠭ ᠤᠨ ᠠᠩᠭᠢᠯᠦᠮ᠎ᠠ ᠦᠨᠦᠷ ᠢ ᠬᠠᠩᠭᠢᠨᠠᠭᠤᠯᠤᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号