ᠨᠠᠮ ᠤᠨ ᠪᠠᠶᠢᠭᠤᠯᠤᠯᠲᠠ ᠶᠢᠨ ᠬᠤᠪᠢᠰᠬᠠᠯ ᠤᠨ ᠬᠥᠳᠡᠯᠭᠡᠭᠦᠷ ᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠡᠨᠧᠷᠭᠢ ᠶᠢ ᠣᠯᠭᠤᠨ᠎ᠠ
ᠨᠡᠶᠢᠲᠡᠯᠡᠭᠰᠡᠨ ᠴᠠᠭ᠄
2024/12/30
C:\Users\Administrator\Desktop\2024.11.13乌素图街道党工委书记兼党群服务中心主任、人大工委主任崔胜启\1.jpg
         ᠰᠤᠷᠪᠤᠯᠵᠢᠯᠠᠭᠰᠠᠨ ᠭᠤᠣᠯ ᠰᠡᠳᠦᠪ᠄ ᠨᠠᠮ ᠤᠨ ᠪᠠᠶᠢᠭᠤᠯᠤᠯᠲᠠ ᠶᠢᠨ ᠬᠤᠪᠢᠰᠬᠠᠯ ᠤᠨ ᠬᠥᠳᠡᠯᠭᠡᠭᠦᠷ ᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠡᠨᠧᠷᠭᠢ ᠶᠢ ᠣᠯᠭᠤᠨ᠎ᠠ      ᠰᠤᠷᠪᠤᠯᠵᠢᠯᠠᠭᠰᠠᠨ ᠴᠠᠭ᠄ 2024 ᠣᠨ ᠤ 11 ᠰᠠᠷ᠎ᠠ ᠶᠢᠨ 13 ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠤᠰᠤᠲᠤ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠪᠥᠭᠡᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶᠠᠨ ᠤ ᠡᠷᠬᠢᠯᠡᠭᠴᠢ ᠼᠦᠢ ᠱᠧᠩ ᠴᠢ      ᠲᠣᠪᠴᠢᠯᠠᠪᠠᠯ᠄ ᠤᠰᠤᠲᠤ ᠵᠡᠭᠡᠯᠢ ᠭᠤᠳᠤᠮᠵᠢ ᠴᠢᠩᠱᠠᠨ ᠲᠣᠭᠤᠷᠢᠭ ᠤᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 16.04 ᠲᠡᠭᠰᠢ ᠳᠥᠷᠪᠡᠯᠵᠢᠨ ᠺᠢᠯᠤᠮᠧᠲᠷ ᠪᠠᠶᠢᠳᠠᠭ᠃ ᠬᠠᠷᠢᠶᠠᠨ ᠳᠤ ᠯᠢ ᠮᠢᠨ ᠨᠡᠶᠢᠭᠡᠮ ᠲᠣᠭᠤᠷᠢᠭ᠂ ᠴᠠᠩ ᠵᠧᠩ ᠨᠡᠶᠢᠭᠡᠮ ᠲᠣᠭᠤᠷᠢᠭ ᠪᠣᠯᠤᠨ ᠵᠢᠶᠠᠨ ᠬᠤᠸᠠ ᠨᠡᠶᠢᠭᠡᠮ ᠲᠣᠭᠤᠷᠢᠭ ᠵᠡᠷᠭᠡ 3 ᠨᠡᠶᠢᠭᠡᠮ ᠲᠣᠭᠤᠷᠢᠭ ᠪᠠᠶᠢᠨ᠎ᠠ︔ ᠬᠠᠷᠢᠶ᠎ᠠ ᠣᠷᠣᠨ ᠤ ᠰᠠᠭᠤᠭᠠᠯᠢ ᠠᠷᠠᠳ 15056 ᠡᠷᠦᠬᠡ᠂ 37368 ᠬᠥᠮᠦᠨ᠂ ᠨᠠᠮ ᠤᠨ ᠭᠡᠰᠢᠭᠦᠨ 1820 ᠬᠥᠮᠦᠨ ᠪᠠᠶᠢᠨ᠎ᠠ᠃ ᠣᠶᠢᠷ᠎ᠠ ᠶᠢᠨ ᠵᠢᠯ ᠠᠴᠠ᠂ ᠤᠰᠤᠲᠤ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠯᠲᠠ ᠶᠢᠨ ᠦᠷ᠎ᠡ ᠪᠦᠲᠦᠮᠵᠢ ᠶᠢᠨ ᠰᠢᠨ᠎ᠡ ᠠᠷᠭ᠎ᠠ ᠵᠠᠮ ᠢ ᠨᠡᠭᠡᠭᠡᠪᠡ᠃      【ᠬᠥᠲᠥᠯᠥᠭᠴᠢ】       ᠤᠰᠤᠲᠤ ᠵᠡᠭᠡᠯᠢ ᠭᠤᠳᠤᠮᠵᠢ ᠶᠢᠨ ᠦᠨᠳᠦᠰᠦᠨ ᠪᠠᠶᠢᠳᠠᠯ ᠪᠣᠯᠤᠨ ᠣᠨᠴᠠᠯᠢᠭ ᠢ ᠲᠠᠨᠢᠯᠴᠠᠭᠤᠯᠤᠭᠠᠳ ᠦᠭᠭᠦᠭᠡᠷᠡᠢ᠃      【ᠰᠤᠷᠪᠤᠯᠵᠢᠯᠠᠭ᠎ᠠ ᠬᠦᠯᠢᠶᠡᠭᠰᠡᠨ ᠵᠤᠴᠢᠨ       ᠼᠦᠢ ᠱᠧᠩ ᠴᠢ 】      ᠤᠰᠤᠲᠤ ᠵᠡᠭᠡᠯᠢ ᠭᠤᠳᠤᠮᠵᠢ ᠨᠢ ᠴᠢᠩᠱᠠᠨ ᠲᠣᠭᠤᠷᠢᠭ ᠤᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠶᠡᠷᠦᠩᠬᠡᠢ ᠲᠠᠯᠠᠪᠠᠢ ᠨᠢ 16.04 ᠲᠡᠭᠰᠢ ᠳᠥᠷᠪᠡᠯᠵᠢᠨ ᠺᠢᠯᠤᠮᠧᠲᠷ ᠪᠠᠶᠢᠳᠠᠭ᠃ ᠬᠠᠷᠢᠶᠠᠨ ᠳᠤ ᠯᠢ ᠮᠢᠨ ᠨᠡᠶᠢᠭᠡᠮ ᠲᠣᠭᠤᠷᠢᠭ᠂ ᠴᠠᠩ ᠵᠧᠩ ᠨᠡᠶᠢᠭᠡᠮ ᠲᠣᠭᠤᠷᠢᠭ ᠪᠣᠯᠤᠨ ᠵᠢᠶᠠᠨ ᠬᠤᠸᠠ ᠨᠡᠶᠢᠭᠡᠮ ᠲᠣᠭᠤᠷᠢᠭ ᠵᠡᠷᠭᠡ 3 ᠨᠡᠶᠢᠭᠡᠮ ᠲᠣᠭᠤᠷᠢᠭ ᠪᠠᠶᠢᠨ᠎ᠠ︔ ᠬᠠᠷᠢᠶ᠎ᠠ ᠣᠷᠣᠨ ᠤ ᠰᠠᠭᠤᠭᠠᠯᠢ ᠠᠷᠠᠳ 15056 ᠡᠷᠦᠬᠡ᠂ 37368 ᠬᠥᠮᠦᠨ᠂ ᠨᠠᠮ ᠤᠨ ᠭᠡᠰᠢᠭᠦᠨ 1820 ᠬᠥᠮᠦᠨ︔ ᠤᠮᠠᠷᠠᠲᠤ ᠬᠢᠯᠢ ᠶᠢᠨ ᠬᠤᠪᠢᠰᠬᠠᠯᠲᠤ 34 ᠲᠣᠣᠷᠵᠢᠯ᠂ ᠰᠠᠭᠤᠭᠠᠯᠢ ᠠᠷᠠᠳ ᠤᠨ ᠨᠠᠮ ᠤᠨ ᠡᠭᠦᠷ ᠤᠨ ᠲᠣᠣᠷᠵᠢᠯ ᠢ 53 ᠰᠠᠭᠤᠭᠠᠯᠢ ᠠᠷᠠᠳ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠡᠴᠦᠰ ᠲᠤᠨᠢ ᠲᠤᠯᠲᠠᠯ᠎ᠠ ᠠᠬᠢᠭᠤᠯᠵᠤ ᠪᠠᠶᠢᠨ᠎ᠠ᠃ ᠣᠶᠢᠷ᠎ᠠ ᠶᠢᠨ ᠵᠢᠯ ᠤᠨ ᠲᠤᠷᠰᠢ᠂ ᠵᠢᠶᠠᠨ ᠬᠤᠸᠠ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠰᠢᠨ᠎ᠡ ᠰᠠᠭᠤᠷᠢ ᠶᠢ ᠡᠬᠢᠯᠡᠨ ᠬᠡᠷᠡᠭᠯᠡᠵᠦ᠂ ᠴᠠᠩ ᠵᠧᠩ ᠨᠡᠶᠢᠭᠡᠮ ᠲᠣᠭᠤᠷᠢᠭ ︽ᠰᠢᠶᠦ᠋ᠨ ᡁᠢ ᠵᠢᠶᠦ᠋ᠨ︾ ᠠᠵᠢᠯᠯᠠᠬᠤ ᠲᠠᠰᠤᠭ ᠢ ᠪᠠᠶᠢᠭᠤᠯᠵᠤ᠂ ᠯᠢ ᠮᠢᠨ ᠨᠡᠶᠢᠭᠡᠮ ᠲᠣᠭᠤᠷᠢᠭ ︽ᠬᠤᠪᠢᠰᠬᠠᠯ ᠤᠨ ᠡᠨᠧᠷᠭᠢ ᠬᠠᠳᠠᠭᠠᠯᠠᠬᠤ ᠥᠷᠲᠡᠭᠡ︾ ᠪᠠ ︽ᠨᠢᠭᠡ ᠮᠧᠲᠷ ᠤᠨ ᠪᠢᠴᠢᠭ ᠤᠨ ᠰᠢᠷᠡᠭᠡ︾ ᠵᠡᠷᠭᠡ ᠰᠦᠯᠵᠢᠶᠡᠨ ᠤ ᠰᠠᠭᠤᠭᠠᠯᠢ ᠠᠷᠠᠳ ᠲᠤ ᠦᠢᠯᠡᠴᠢᠯᠡᠬᠦ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠠ ᠴᠢᠳᠠᠮᠵᠢ ᠶᠢᠨ ᠲᠠᠰᠤᠭ ᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ︽ᠨᠢᠭᠡ ᠬᠥᠯᠭᠡ ᠰᠢᠲᠠᠷ᠎ᠠ︾ ᠶᠢ ᠰᠠᠶᠢᠲᠤᠷ ᠲᠠᠯᠪᠢᠬᠤ ᠶᠢ ᠲᠠᠰᠤᠷᠠᠯᠲᠠ ᠥᠬᠡᠶ ᠠᠬᠢᠭᠤᠯᠵᠤ᠂ ᠠᠷᠠᠳ ᠤᠨ ᠰᠡᠳᠬᠢᠯ ᠤᠨ ︽ᠵᠣᠯ ᠵᠢᠷᠭᠠᠯ ᠤᠨ ᠬᠠᠭᠤᠳᠠᠰᠤ︾ ᠶᠢ ᠰᠠᠶᠢᠲᠤᠷ ᠬᠠᠷᠢᠭᠤᠯᠵᠠᠶ᠃      【ᠬᠥᠲᠥᠯᠥᠭᠴᠢ】       ᠤᠰᠤᠲᠤ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠬᠦᠳᠦᠯᠦᠨ ᠳᠠᠭᠠᠭᠤᠯᠬᠤ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠠᠪᠤᠭᠰᠠᠨ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ       ᠼᠦᠢ ᠱᠧᠩ ᠴᠢ 】      ᠤᠰᠤᠲᠤ ᠵᠡᠭᠡᠯᠢ ᠭᠤᠳᠤᠮᠵᠢ ᠶᠢᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠦᠢᠯᠡᠴᠢᠯᠡᠭᠡ ᠶᠢ ᠲᠦᠷᠭᠡᠨ ᠠᠬᠢᠭᠤᠯᠵᠤ᠂ ᠪᠦᠬᠦ ᠬᠤᠳᠠ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠬᠠᠩᠭᠠᠬᠤ ᠰᠢᠰᠲ᠋ᠧᠮ ᠢ ᠪᠠᠶᠢᠭᠤᠯᠵᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠥᠷᠭᠡᠳᠬᠡᠨ᠎ᠡ᠃ ᠡᠨᠡ ᠵᠢᠯ ᠠᠴᠠ ᠨᠠᠭᠠᠰᠢ᠂ ᠤᠰᠤᠲᠤ ᠵᠡᠭᠡᠯᠢ ᠭᠤᠳᠤᠮᠵᠢ ᠭᠠᠵᠠᠷ ᠣᠷᠣᠨ ᠤ ᠣᠨᠴᠠᠯᠢᠭ ᠢᠶᠠᠨ ᠦᠨᠳᠦᠰᠦᠯᠡᠨ᠂ ᠡᠯ᠎ᠡ ᠨᠡᠶᠢᠭᠡᠮ ᠲᠣᠭᠤᠷᠢᠭ ᠤᠨ ᠣᠨᠴᠠᠯᠢᠭ ᠲᠤ ᠳᠣᠭᠢᠷᠠᠭᠰᠠᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠰᠢᠨ᠎ᠡ ᠪᠠᠶᠢᠳᠠᠯ ᠢ ᠰᠦᠪᠡᠭᠴᠢᠯᠡᠨ ᠪᠠᠶᠢᠭᠤᠯᠵᠤ᠂ ᠨᠡᠶᠢᠭᠡᠮ ᠲᠣᠭᠤᠷᠢᠭ ᠤᠨ ᠴᠢᠨᠠᠷ ᠰᠠᠶᠢᠲᠠᠶ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠂ ᠨᠠᠰᠤᠲᠠᠨ ᠢ ᠠᠰᠠᠷᠠᠵᠤ ᠬᠡᠦᠬᠡᠳ ᠠᠰᠠᠷᠠᠬᠤ᠂ ᠣᠯᠠᠨ ᠲᠦᠮᠡᠨ ᠤ ᠰᠣᠶᠣᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠵᠡᠷᠭᠡ ᠰᠢᠨ᠎ᠡ ᠪᠠᠶᠢᠳᠠᠯ ᠢ ᠨᠡᠶᠢᠭᠡᠮ ᠲᠣᠭᠤᠷᠢᠭ ᠲᠤ ᠦᠨᠳᠦᠰᠦᠯᠡᠭᠦᠯᠬᠦ ᠶᠢ ᠠᠬᠢᠭᠤᠯᠵᠤ᠂ ᠰᠠᠭᠤᠭᠠᠯᠢ ᠠᠷᠠᠳ ᠲᠤ ᠬᠡᠷ ᠤᠨ ᠡᠭᠦᠳᠡᠨ ᠳᠠᠬᠢ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠪᠡ᠃      ᠨᠢᠭᠡ ᠳᠤ᠂ ︽ᠨᠠᠮ ᠤᠨ ᠪᠠᠶᠢᠭᠤᠯᠤᠯᠲᠠ + ᠰᠣᠶᠣᠯ ᠪᠡᠶ᠎ᠡ ᠶᠢᠨ ᠲᠠᠮᠢᠷ︾ ᠤᠨ ᠠᠭᠤᠰᠤᠯᠴᠠᠯ ᠢ ᠠᠬᠢᠭᠤᠯᠵᠤ᠂ ᠨᠡᠶᠢᠭᠡᠮ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ︽ᠲᠠᠰ ᠳᠡᠪᠰᠢᠬᠦ︾ ᠶᠢ ᠠᠬᠢᠭᠤᠯᠪᠠ᠃ ᠤᠰᠤᠲᠤ ᠵᠡᠭᠡᠯᠢ ᠭᠤᠳᠤᠮᠵᠢ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠷᠢᠶ᠎ᠠ ᠣᠷᠣᠨ ᠤ ᠰᠣᠶᠣᠯ ᠲᠠᠮᠢᠷ ᠤᠨ ᠵᠠᠩᠭᠢᠯᠠᠭ᠎ᠠ ᠶᠢᠨ ᠬᠡᠯᠪᠡᠷᠢ ᠶᠢᠨ ᠬᠠᠮᠢᠶᠠᠷᠤᠯᠲᠠ ᠶᠢ ᠢᠳᠡᠪᠬᠢᠲᠡᠢ ᠠᠬᠢᠭᠤᠯᠵᠤ᠂ ᠳᠥᠭᠦᠮ ᠳᠥᠲᠡ᠂ ᠥᠨᠳᠥᠷ ᠪᠦᠲᠦᠮᠵᠢᠲᠡᠢ᠂ ᠤᠯᠠᠨ ᠡᠰᠢᠲᠦ᠂ ᠬᠠᠮᠲᠤᠪᠠᠷ ᠡᠳ᠋ᠯᠡᠬᠦ ᠨᠡᠶᠢᠭᠡᠮ ᠲᠣᠭᠤᠷᠢᠭ ᠤᠨ ︽15 ᠮᠢᠨᠦ᠋ᠲ ᠤᠨ ᠪᠡᠶ᠎ᠡ ᠶᠢᠨ ᠲᠠᠮᠢᠷ ᠤᠨ ᠠᠮᠢᠳᠤᠷᠠᠯ ᠤᠨ ᠬᠦᠷᠢᠶ᠎ᠡ︾ ᠶᠢ ᠪᠠᠶᠢᠭᠤᠯᠵᠤ᠂ ᠡᠯ᠎ᠡ ᠲᠦᠷᠦᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠴᠢᠩᠭᠠᠳᠬᠠᠵᠤ᠂ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠰᠠᠭᠤᠭᠠᠯᠢ ᠠᠷᠠᠳ ᠤᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠤᠯᠠᠨ ᠵᠦᠢᠯ ᠤᠨ ᠠᠵᠢᠯᠯᠠᠭ᠎ᠠ ᠪᠠᠷ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠡᠨᠧᠷᠭᠢ ᠣᠯᠭᠤᠬᠤ ᠰᠣᠶᠣᠯ ᠪᠡᠶ᠎ᠡ ᠶᠢᠨ ᠲᠠᠮᠢᠷ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠪᠠ᠃ ᠡᠭᠦᠨ ᠤ ᠬᠠᠮᠲᠤ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠣᠯᠢᠯᠴᠠᠭ᠎ᠠ ᠬᠢᠬᠦ ᠲᠠᠪᠴᠠᠩ ᠬᠠᠩᠭᠠᠵᠤ᠂ ᠡᠲᠡᠭᠡᠷ ᠠᠵᠢᠯᠯᠠᠭ᠎ᠠ ᠪᠠᠷ ᠳᠠᠮᠵᠢᠭᠤᠯᠤᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠯᠠᠮᠵᠢᠯᠠᠵᠤ᠂ ᠨᠡᠶᠢᠭᠡᠮ ᠲᠣᠭᠤᠷᠢᠭ ᠤᠨ ᠰᠣᠶᠣᠯ ᠤᠨ ᠠᠭᠤᠷ ᠠᠮᠢᠰᠬᠤᠯ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠪᠦᠲᠦᠮᠵᠢᠲᠡᠶ ᠨᠡᠪᠲᠡᠷᠡᠭᠦᠯᠪᠡ᠃      ᠬᠤᠶᠠᠷ ᠲᠤ᠂ ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠦᠢᠯᠡᠴᠢᠯᠡᠬᠦ ︽ᠠᠷᠠᠳ ᠤᠨ ᠰᠡᠳᠬᠢᠯ ᠤᠨ ᠢᠨᠵᠧᠨᠧᠷᠢᠩ︾ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠤᠰᠤᠲᠤ ᠵᠡᠭᠡᠯᠢ ᠭᠤᠳᠤᠮᠵᠢ ᠶᠢᠨ ᠬᠢᠨ ᠵᠣᠬᠢᠶᠠᠨ ᠪᠠᠶᠢᠭᠤᠯᠬᠤ ᠬᠦᠴᠦᠨ᠂ ᠳᠠᠶᠢᠴᠢᠯᠠᠬᠤ ᠬᠦᠴᠦᠨ᠂ ᠤᠷᠢᠶᠠᠯᠠᠬᠤ ᠬᠦᠴᠦᠨ ᠪᠣᠯᠤᠨ ᠨᠢᠭᠲᠠᠷᠠᠯ ᠤᠨ ᠬᠦᠴᠦᠨ ᠢᠶᠠᠨ ᠢᠳᠡᠪᠬᠢᠲᠡᠢ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠬᠢᠭᠤᠯᠪᠠ᠃ ᠡᠨᠡ ᠵᠢᠯ ᠤᠨ ᠲᠤᠷᠰᠢ᠂ ᠣᠰᠣᠲᠤ ᠵᠡᠭᠡᠯᠢ ᠭᠤᠳᠤᠮᠵᠢ ᠶᠢᠨ ᠬᠢᠨ ᠣᠯᠠᠨ ᠲᠠᠯ᠎ᠠ ᠶᠢᠨ ᠡᠬᠢ ᠪᠠᠶᠠᠯᠢᠭ ᠲᠠᠢ ᠬᠤᠯᠪᠣᠭᠠᠯᠠᠨ ᠬᠥᠳᠡᠯᠦᠯᠴᠡᠵᠦ᠂ ᠣᠯᠠᠨ ᠲᠦᠮᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠶᠠᠲᠤ ᠣᠷᠣᠨ ᠤ 7000 ᠭᠠᠷᠤᠶ ᠡᠷᠦᠬᠡ ᠰᠠᠭᠤᠭᠠᠯᠢ ᠠᠷᠠᠳ ᠲᠤ ᠡᠷᠦᠬᠡ ᠳᠤ ᠬᠦᠷᠴᠦ ᠴᠠᠬᠢᠯᠭᠠᠨ ᠤᠲᠠᠰᠤ ᠶᠢ ᠥᠭᠡᠷᠡᠴᠢᠯᠡᠨ ᠵᠠᠰᠠᠵᠤ ᠥᠭᠴᠦ᠂ ᠬᠠᠷᠢᠶᠠᠲᠤ ᠣᠷᠣᠨ ᠤ 6 ᠥᠨᠳᠥᠷ ᠳᠠᠪᠬᠤᠷᠭ᠎ᠠ ᠶᠢᠨ ᠵᠢᠵᠢᠭ ᠲᠣᠭᠤᠷᠢᠭ ᠤᠨ ᠴᠠᠬᠢᠯᠭᠠᠨ ᠱᠠᠲᠤ ᠶᠢᠨ ᠬᠤᠷᠢᠭᠯᠠᠭᠤᠷ ᠮᠠᠰᠢᠨ ᠢ ᠤᠭᠰᠠᠷᠠᠵᠤ᠂ ᠯᠢ ᠮᠢᠨ᠂ ᠴᠠᠩ ᠵᠧᠩ ᠨᠡᠶᠢᠭᠡᠮ ᠲᠣᠭᠤᠷᠢᠭ ᠲᠤ ᠠᠰᠠᠷ ᠤᠨ ᠣᠷᠣᠶ ᠶᠢᠨ ᠤᠰᠤ ᠶᠢ ᠰᠡᠷᠭᠡᠶᠢᠯᠡᠬᠦ ᠰᠡᠯᠪᠢᠨ ᠵᠠᠰᠠᠬᠤ ᠪᠠᠷᠢᠯᠭ᠎ᠠ ᠵᠢᠴᠢ ᠵᠠᠮ ᠤᠨ ᠭᠠᠳᠠᠷᠭᠤ ᠶᠢ ᠰᠡᠯᠪᠢᠨ ᠵᠠᠰᠠᠬᠤ ᠠᠵᠢᠯ ᠬᠢᠵᠦ᠂ ᠢᠯᠠᠩᠭᠤᠶ᠎ᠠ ᠤᠰᠤᠲᠤ ᠴᠡᠴᠡᠷᠯᠢᠭ ᠢ ᠪᠥᠬᠦ ᠲᠠᠯ᠎ᠠ ᠪᠠᠷ ᠥᠭᠡᠷᠡᠴᠢᠯᠡᠨ ᠲᠠᠰ ᠳᠡᠪᠰᠢᠭᠦᠯᠵᠦ᠂ ︽ᠬᠠᠶᠠᠭᠳᠠᠮᠠᠯ ᠪᠣᠳᠠᠰ︾ ᠢᠶᠠᠷ ᠡᠷᠳᠡᠨᠢ ᠪᠣᠯᠭᠠᠭᠰᠠᠨ 1500  ᠮᠧᠲᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠬᠠᠭᠤᠴᠢᠨ ᠳᠦᠷᠰᠦ ᠪᠠᠶᠢᠳᠠᠯ ᠢᠶᠠᠷ ᠰᠢᠨ᠎ᠡ ᠳᠦᠷᠰᠦ ᠪᠠᠶᠢᠳᠠᠯ ᠲᠠᠢ ᠬᠥᠯ ᠪᠥᠮᠪᠦᠭᠡ ᠶᠢᠨ ᠲᠠᠯᠠᠪᠠᠶ᠂ ᠰᠢᠨ᠎ᠡ ᠰᠣᠷᠭᠤᠭ ᠬᠥᠯ ᠪᠥᠮᠪᠦᠭᠡ ᠶᠢᠨ ᠲᠠᠯᠠᠪᠤᠷ ᠵᠢᠴᠢ ᠣᠶᠤᠨᠴᠢ ᠪᠡᠶ᠎ᠡ ᠴᠢᠭᠢᠷᠠᠭᠵᠢᠭᠤᠯᠬᠤ ᠥᠷᠲᠡᠭᠡ ᠵᠡᠷᠭᠡ ᠶᠢ ᠰᠣᠯᠢᠵᠤ ᠥᠭᠪᠡ᠃ ᠤᠰᠤᠲᠤ ᠵᠡᠭᠡᠯᠢ ᠭᠤᠳᠤᠮᠵᠢ ᠶᠢᠨ ᠬᠢᠨ ᠠᠷᠠᠳ ᠤᠨ ᠠᠮᠢᠳᠤᠷᠠᠯ ᠤᠨ ᠲᠤᠬᠠᠶ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠵᠢᠭ ᠰᠠᠵᠢᠭ ᠵᠦᠢᠯ ᠠᠴᠠ ᠭᠠᠷᠳᠠᠵᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠣᠨᠣᠪᠴᠢᠲᠠᠶ ᠡᠵᠡᠮᠳᠡᠵᠦ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠰᠡᠳᠬᠢᠴᠡ ᠶᠢ ᠰᠦᠪᠡᠭᠴᠢᠯᠡᠨ ᠰᠢᠨ᠎ᠡ ᠶᠢ ᠡᠭᠦᠳᠴᠦ᠂ ᠣᠯᠠᠨ ᠲᠦᠮᠡᠨ ᠳᠤ ᠨᠠᠩ ᠲᠠᠭᠠᠯᠠᠮᠵᠢᠲᠠᠶ᠂ ᠠᠮᠤᠷ ᠲᠦᠪᠰᠢᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠤᠯᠠᠮ ᠨᠢᠭᠡ ᠠᠯᠬᠤᠮ ᠨᠡᠮᠡᠭᠳᠡᠭᠦᠯᠪᠡ᠃      ᠭᠤᠷᠪᠠ ᠳᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ ᠤᠰᠤᠲᠤ ᠵᠡᠭᠡᠯᠢ ᠭᠤᠳᠤᠮᠵᠢ ᠶᠢᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠡᠭᠦᠷ ᠤᠨ ᠱᠦᠵᠢ ᠶᠢᠨ ᠶᠠᠷᠢᠯᠴᠠᠬᠤ ᠬᠤᠷᠠᠯ᠂ ᠵᠥᠪᠯᠡᠯᠭᠡᠨ ᠤ ᠬᠤᠷᠠᠯ᠂ ︽ᠠᠷᠠᠳ ᠤᠨ ᠠᠮᠢᠳᠤᠷᠠᠯ ‍ᠤᠨ‌ᠤᠷᠤᠭᠰᠢ ᠨᠢᠭᠡ ᠠᠯᠬᠤᠮ ᠵᠥᠪᠯᠡᠯᠭᠡᠨ ᠤ ᠵᠥᠪᠯᠡᠯ︾ ᠢ ᠥᠷᠨᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ 120 ᠭᠠᠷᠤᠶ ᠴᠤᠭᠯᠠᠭᠤᠯᠵᠤ᠂ ᠠᠷᠠᠳ ᠲᠦᠮᠡᠨ ᠳᠤ ᠦᠢᠯᠡᠴᠢᠯᠡᠬᠦ ︽ᠵᠠᠶ ᠵᠠᠪᠰᠠᠷ ᠥᠬᠡᠶ︾ ᠪᠠᠶᠢᠬᠤ ᠶᠢ ᠪᠡᠶᠡᠯᠡᠭᠦᠯᠪᠡ᠃ ᠬᠠᠷᠢᠶᠠᠲᠤ ᠣᠷᠣᠨ ᠤ ᠳᠣᠲᠣᠭᠠᠳᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠮᠴᠢᠯᠡᠭᠡ ᠰᠤᠷᠭᠠᠨ ᠬᠥᠮᠦᠵᠢᠯ ᠤᠨ  ᠠᠵᠢᠯᠯᠠᠭ᠎ᠠ ᠶᠢ ᠦᠷᠨᠢᠭᠦᠯᠵᠦ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠢ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠵᠢᠴᠢ ᠰᠠᠭᠤᠭᠠᠯᠢ ᠠᠷᠠᠳ ᠤᠨ ᠬᠤᠭᠤᠷᠣᠨᠳᠣᠬᠢ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠳᠤ ᠣᠷᠣᠯᠴᠠᠬᠤ ᠤᠬᠠᠮᠰᠠᠷ ᠢ ᠴᠢᠩᠭᠠᠷᠠᠭᠤᠯᠪᠠ᠃ ︽365 ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠠᠷᠭ᠎ᠠ︾ ᠶᠢ ᠰᠦᠪᠡᠭᠴᠢᠯᠡᠨ ᠳ᠋ᠦᠩᠨᠡᠵᠦ᠂ ︽ᠵᠢᠷᠭᠤᠭᠠᠨ ᠲᠣᠭᠤᠷᠢᠭ ᠤᠨ ᠬᠢᠨ ᠶᠢᠰᠦᠨ ᠥᠩᠭᠡ ᠶᠢᠨ ᠴᠡᠴᠡᠭ ᠢ ᠠᠭᠤᠰᠤᠯᠴᠠᠭᠤᠯᠬᠤ︾ ᠪᠠᠷ ᠭᠠᠷᠳᠠᠴᠠ ᠪᠣᠯᠭᠠᠵᠤ᠂ ︽ᠤᠶᠤᠨ ᠤᠬᠠᠭᠠᠨ ᠢᠶᠠᠨ ᠰᠡᠬᠡᠭᠡᠷᠡᠭᠦᠯᠵᠦ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ︾ ᠠᠵᠢᠯᠯᠠᠭ᠎ᠠ ᠶᠢ ᠥᠷᠨᠢᠭᠦᠯᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠢᠨ᠎ᠡ ᠠᠷᠭ᠎ᠠ ᠵᠠᠮ ᠢ ᠭᠦᠨᠵᠡᠭᠡᠶᠢᠷᠡᠭᠦᠯᠪᠡ᠃ ᠵᠢᠯ ᠤᠨ ᠡᠬᠢᠨ ᠳᠤ ᠲᠣᠭᠲᠠᠭᠠᠭᠰᠠᠨ 4 ᠨᠠᠮ ᠤᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ 8 ᠵᠡᠭᠡᠯᠢ ᠭᠤᠳᠤᠮᠵᠢ ᠶᠢᠨ ᠲᠠᠰ᠂ 27 ᠨᠡᠶᠢᠭᠡᠮ ᠲᠣᠭᠤᠷᠢᠭ ᠤᠨ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠢᠯᠧᠲ ᠥᠭᠴᠦ ᠪᠠᠶᠢᠭᠠᠳ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠨᠡᠶᠢᠭᠡᠮ ᠲᠣᠭᠤᠷᠢᠭ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ︽ᠰᠢᠨ᠎ᠡ ᠲᠤᠯᠬᠤ ᠴᠡᠭ︾ ᠢ ᠣᠯᠭᠤᠵᠤ᠂ ᠰᠠᠭᠤᠭᠠᠯᠢ ᠠᠷᠠᠳ ᠲᠤ ᠦᠢᠯᠡᠴᠢᠯᠡᠬᠦ ︽ᠵᠣᠯ ᠵᠢᠷᠭᠠᠯ ᠤᠨ ᠬᠦᠷᠢᠶ᠎ᠡ︾ ᠳᠤ ᠦᠢᠯᠡᠴᠢᠯᠡᠬᠦ ᠠᠵᠢᠯ ᠤᠨ ᠵᠠᠭᠪᠤᠷ ᠢ ᠰᠦᠪᠡᠭᠴᠢᠯᠡᠨ ᠭᠠᠷᠭᠠᠵᠠᠢ᠃      【ᠬᠥᠲᠥᠯᠥᠭᠴᠢ】       ᠤᠰᠤᠲᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠳᠠᠷᠠᠭ᠎ᠠ ᠠᠯᠬᠤᠮ ᠤᠨ ᠠᠵᠢᠯ ᠤᠨ ᠰᠡᠳᠬᠢᠴᠡ ᠨᠢ ᠶᠠᠭᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠤᠴᠢᠨ       ᠼᠦᠢ ᠱᠧᠩ ᠴᠢ 】      ᠳᠠᠷᠠᠭᠠᠴᠢ ᠶᠢᠨ ᠠᠯᠬᠤᠮ ᠳᠤ᠂ ᠤᠰᠤᠲᠤ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ ᠪᠠᠷ ᠦᠨᠳᠦᠰᠦᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠨᠠᠮ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠳᠤ ︽ᠡᠷᠴᠢᠮ︾ ᠲᠠᠢ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢ ︽ᠳᠤᠯᠠᠭᠠᠴᠠ︾ ᠲᠠᠢ ᠪᠣᠯᠭᠠᠨ᠎ᠠ᠃      ᠨᠢᠭᠡ ᠳᠤ᠂ ᠲᠥᠯᠥᠪᠯᠡᠭᠡ ᠲᠣᠭᠲᠠᠭᠠᠵᠤ᠂ ᠰᠢᠨ᠎ᠡ ᠶᠢ ᠡᠭᠦᠳᠦᠨ ᠬᠠᠶᠢᠨ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠨ ᠦᠨᠳᠦᠰᠦᠨ ᠱᠠᠲᠤᠨ ᠤ ᠵᠠᠰᠠᠯᠲᠠ ᠳᠤ ᠰᠢᠨ᠎ᠡ ᠵᠠᠮ ᠢ ᠨᠡᠭᠡᠭᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠬᠤ᠂ ᠵᠠᠰᠠᠯᠲᠠ ᠶᠢ ᠠᠳᠬᠤᠬᠤ᠂ ᠦᠢᠯᠡᠴᠢᠯᠡᠭᠡ ᠶᠢ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠨᠢᠭᠡ ᠨᠡᠶᠢᠭᠡᠮ ᠲᠣᠭᠤᠷᠢᠭ ᠲᠤ ᠨᠢᠭᠡ ᠨᠠᠷᠠᠲᠤ ᠲᠡᠮᠳᠡᠭ︾ ᠤᠨ ᠰᠡᠳᠬᠢᠮᠵᠢ ᠶᠣᠰᠣᠭᠠᠷ᠂ ᠨᠠᠮ ᠤᠨ ᠪᠠᠶᠢᠭᠤᠯᠤᠯᠲᠠ ᠶᠢ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠪᠦᠬᠦᠯᠢ ᠴᠣᠭᠴᠠ ᠶᠢᠨ ᠠᠵᠢᠯ ᠲᠠᠢ ᠣᠷᠭᠠᠨᠢᠭ ᠢᠶᠠᠷ ᠵᠣᠬᠢᠴᠠᠭᠤᠯᠵᠤ᠂ ︽ᠲᠠᠪᠤ ᠶᠢ ᠪᠦᠷᠢᠳᠦᠭᠦᠯᠬᠦ︾ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠪᠣᠶ ᠪᠣᠯᠭᠠᠨ᠎ᠠ᠃      ᠬᠤᠶᠠᠷ ᠲᠤ᠂ ᠪᠠᠶᠢᠳᠠᠯ ᠢ ᠲᠣᠳᠣᠷᠬᠠᠶ ᠣᠶᠢᠯᠠᠭᠠᠵᠤ᠂ ᠨᠡᠷ᠎ᠡ ᠶᠢᠨ ᠬᠠᠭᠤᠳᠠᠰᠤ ᠶᠢ ᠡᠭᠦᠳᠴᠦ᠂ ᠦᠨᠳᠦᠰᠦᠨ ᠱᠠᠲᠤᠨ ᠤ ᠵᠠᠰᠠᠯᠲᠠ ᠳᠤ ᠰᠠᠭᠤᠷᠢ ᠲᠠᠯᠪᠢᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠤ ᠰᠢᠯᠢᠳᠡᠭ ᠢ ᠪᠤᠶᠢᠵᠢᠭᠤᠯᠬᠤ ᠲᠥᠯᠥᠪᠯᠡᠭᠡ ᠶᠢ ᠰᠠᠷ᠎ᠠ ᠪᠠᠷ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠪᠥᠬᠦ ᠵᠢᠯ ᠳᠤ ᠡᠷᠦᠬᠡ ᠳᠤ ᠬᠦᠷᠴᠦ ᠲᠣᠬᠤᠨᠢᠭᠤᠯᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠵᠦ᠂ ᠲᠣᠮᠢᠯᠠᠭᠰᠠᠨ ᠰᠠᠯᠪᠤᠷᠢ᠂ ᠬᠠᠤᠯᠢ ᠬᠡᠷᠡᠭᠵᠢᠭᠦᠯᠬᠦ ᠳᠤᠮᠳᠠ ᠠᠩᠭᠢ᠂ ᠵᠠᠬ᠎ᠠ ᠳᠡᠯᠭᠡᠭᠦᠷ ᠤᠨ ᠭᠠᠵᠠᠷ ᠲᠠᠢ ᠬᠤᠯᠪᠣᠭᠠᠯᠠᠨ ᠬᠥᠳᠡᠯᠦᠯᠴᠡᠵᠦ᠂ 1 +1 ∨2 ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠯᠢ ᠮᠢᠨ ᠨᠡᠶᠢᠭᠡᠮ ᠲᠣᠭᠤᠷᠢᠭ ᠤᠨ ︽ᠲᠤᠯᠤᠭᠠᠨ ᠥᠩᠭᠡ ᠶᠢᠨ ᠲᠣᠭᠤᠷᠢᠭ︾ ᠨᠢᠭᠡ ᠨᠡᠶᠢᠭᠡᠮ ᠨᠢᠭᠡ ᠣᠨᠴᠠᠭᠠᠶ ᠣᠷᠣᠨ ᠪᠦᠰᠡ ᠶᠢᠨ ᠰᠦᠯᠵᠢᠶᠡᠨ ᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠠᠬᠢᠭᠤᠯᠵᠤ᠂ ︽ᠰᠢᠶᠦ᠋ᠨ ᡁᠢ ᠵᠢᠶᠦ᠋ᠨ ᠨᠠᠷᠠᠲᠤ ᠡᠷᠬᠢᠯᠡᠭᠴᠢ ᠶᠢᠨ ᠠᠵᠢᠯᠯᠠᠬᠤ ᠲᠠᠰᠤᠭ︾ ᠤᠨ ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠷᠰᠢᠯᠭ᠎ᠠ ᠶᠢᠨ ᠳ᠋ᠦᠩᠨᠡᠯᠲᠡ ᠪᠠ ᠳᠠᠮᠵᠢᠭᠤᠯᠭ᠎ᠠ ᠶᠢᠨ ᠬᠠᠪᠰᠤᠷᠬᠤ ᠳᠠᠭᠠᠭᠤᠯᠬᠤ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠳᠤᠮᠳᠠ ᠨᠡᠷ᠎ᠡ ᠶᠢᠨ ᠬᠠᠭᠤᠳᠠᠰᠤ ᠶᠢᠨ ᠦᠢᠯᠡᠳᠦᠯ ᠢ ᠬᠥᠭᠵᠢᠭᠡᠨ᠎ᠡ᠃      ᠭᠤᠷᠪᠠ ᠳᠤ᠂ ᠬᠦᠴᠢᠷ ᠠᠰᠠᠭᠤᠳᠠᠯ ᠢ ᠣᠨᠢᠯᠠᠵᠤ᠂ ᠦᠷᠭᠦᠯᠵᠢᠯᠡᠨ ᠬᠦᠴᠦᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ  ᠳᠡᠭᠡᠭᠰᠢᠯᠡᠭᠦᠯᠦᠨ᠎ᠡ᠃ ᠤᠰᠤᠲᠤ ᠵᠡᠭᠡᠯᠢ ᠭᠤᠳᠤᠮᠵᠢ ᠶᠢᠨ ᠬᠤᠲᠠ ᠶᠢᠨ ᠨᠠᠷᠢᠯᠢᠬᠵᠢᠭᠤᠯᠤᠨ ᠵᠠᠰᠠᠬᠤ ᠬᠠᠮᠲᠤᠷᠠᠭᠰᠠᠨ ᠬᠤᠷᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠭᠤᠷᠪᠠᠨ ᠬᠠᠩᠭᠠᠯᠭ᠎ᠠ ᠨᠢᠭᠡ ᠦᠢᠯᠡᠰ︾ ᠤᠨ ᠦᠯᠡᠳᠡᠭᠳᠡᠯ ᠠᠰᠠᠭᠤᠳᠠᠯ᠂ ᠳᠤᠷ᠎ᠠ ᠪᠠᠷ ᠢᠶᠠᠨ ᠪᠠᠷᠢᠵᠤ ᠳᠤᠷ᠎ᠠ ᠪᠠᠷ ᠢᠶᠠᠨ ᠪᠠᠶᠢᠭᠤᠯᠵᠤ ᠴᠡᠭᠴᠡᠯᠡᠨ ᠵᠠᠰᠠᠬᠤ᠂ ᠰᠠᠭᠤᠭᠠᠯᠢ ᠠᠷᠠᠳ ᠤᠨ ᠭᠡᠷ ᠪᠠᠶᠢᠰᠢᠩ ᠢ ᠰᠡᠯᠪᠢᠨ ᠵᠠᠰᠠᠬᠤ ᠵᠡᠷᠭᠡ ᠣᠯᠠᠨ ᠲᠦᠮᠡᠨ ᠤ ᠲᠣᠰ ᠪᠡᠶ᠎ᠡ ᠶᠢᠨ ᠠᠰᠠᠭᠤᠳᠠᠯ ᠤᠨ ᠲᠣᠭᠤᠷᠢᠨ ᠳᠤ᠂ ︽ᠲᠠᠶᠢᠯᠬᠤ ᠰᠡᠳᠬᠢᠬᠦᠶ︾ ᠶᠢ ᠪᠣᠶ ᠪᠣᠯᠭᠠᠵᠤ᠂ ᠣᠯᠠᠨ ᠲᠦᠮᠡᠨ ᠳᠤ ᠦᠨᠡᠨ ᠬᠦ ᠦᠵᠡᠭᠦᠯᠵᠦ᠂ ᠦᠨᠡᠨ ᠬᠦ ᠭᠠᠷ ᠲᠤ ᠪᠠᠷᠢᠭᠳᠠᠮ᠎ᠠ ᠪᠠᠶᠢᠨ᠎ᠠ᠃ ᠵᠢᠱᠢᠶᠡᠯᠡᠪᠡᠯ ᠰᠠᠭᠤᠭᠠᠯᠢ ᠠᠷᠠᠳ ᠤᠨ ᠠᠰᠠᠷ ᠤᠨ ᠣᠷᠣᠶ ᠶᠢᠨ ᠤᠰᠤ ᠰᠡᠷᠭᠡᠶᠢᠯᠡᠬᠦ ᠰᠡᠯᠪᠢᠨ ᠵᠠᠰᠠᠬᠤ ᠪᠠᠷᠢᠯᠭ᠎ᠠ ᠶᠢᠨ ᠠᠵᠢᠯ ᠵᠡᠷᠭᠡ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡ ᠵᠣᠷᠢᠯᠲᠠ ᠪᠣᠯᠭᠠᠵᠤ᠂ ᠠᠷᠠᠳ ᠢ ᠠᠮᠤᠷᠵᠢᠭᠤᠯᠬᠤ ᠪᠠᠷ ᠪᠠᠲᠤᠯᠠᠭ᠎ᠠ ᠪᠣᠯᠭᠠᠵᠤ᠂ ᠠᠷᠠᠳ ᠢ ᠪᠠᠶᠠᠰᠬᠠᠬᠤ ᠪᠠᠷ ᠬᠥᠳᠡᠯᠭᠡᠬᠦ ᠬᠦᠴᠦᠨ ᠪᠣᠯᠭᠠᠵᠤ᠂ ᠠᠷᠠᠳ ᠲᠤ ᠳᠥᠭᠦᠮ ᠪᠣᠯᠭᠠᠬᠤ ᠪᠠᠷ ᠭᠤᠤᠯᠳᠠᠯᠭ᠎ᠠ ᠪᠣᠯᠭᠠᠵᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠤ ᠬᠠᠷᠢᠶᠠᠯᠠᠭᠳᠠᠬᠤ ᠰᠡᠳᠬᠢᠯᠭᠡ ᠪᠠ ᠮᠡᠳᠡᠷᠡᠬᠦ ᠰᠡᠳᠬᠢᠯᠭᠡ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号