︽ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2024 ᠣᠨ ᠤ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/12/30
      ᠴᠢᠩᠱᠠᠨ ᠵᠠᠰᠠᠭ ᠠᠯᠪᠠᠨ ᠲᠠᠷᠬᠠᠭᠠᠭᠰᠠᠨ ︹2024︺ 15 ᠳ᠋ᠤᠭᠠᠷ ᠲᠣᠭᠠᠲᠤ      ︽ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2024 ᠣᠨ ᠤ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ      ᠲᠤᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ᠄      ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2024 ᠣᠨ ᠤ ᠬᠡᠪᠯᠡᠯ︶︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠲᠤᠭᠠᠶ᠃      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2024 ᠣᠨ ᠤ 12 ᠰᠠᠷ᠎ᠠ ᠶᠢᠨ 9 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶          ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2024 ᠣᠨ ᠤ ᠬᠡᠪᠯᠡᠯ︶      ᠨᠢᠭᠡ᠂ ᠵᠦᠢᠯᠡᠰ ᠨᠢᠭᠡᠳᠦᠯᠲᠡᠶ᠂ ᠡᠷᠬᠡ ᠬᠠᠷᠢᠭᠤᠴᠠᠯᠭ᠎ᠠ ᠲᠣᠳᠣᠷᠬᠠᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠰᠢᠰᠲ᠋ᠧᠮᠵᠢ ᠶᠢ ᠪᠠᠶᠢᠭᠤᠯᠤᠨ ᠪᠦᠷᠢᠯᠳᠦᠭᠦᠯᠦᠨ᠎ᠡ      ᠡᠯ᠎ᠡ ᠰᠠᠯᠠᠭ᠎ᠠ ᠮᠥᠴᠢᠷ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠵᠥᠪᠰᠢᠶᠡᠷᠡᠯ ᠢ ᠴᠥᠮ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠦᠭᠡᠶ᠂ ︽ᠨᠠᠷᠢᠨ ᠬᠠᠭᠤᠳᠠᠰᠤ ᠶᠢᠨ ᠠᠭᠤᠯᠭ᠎ᠠ ᠶᠢ ᠪᠦᠷᠢᠨ ᠪᠥᠷᠬᠦᠭᠦᠯᠵᠦ᠂ ᠨᠠᠷᠢᠨ ᠬᠠᠭᠤᠳᠠᠰᠤ ᠠᠴᠠ ᠭᠠᠳᠠᠨ᠎ᠠ ᠵᠥᠪᠰᠢᠶᠡᠷᠡᠯ ᠦᠭᠡᠶ︾ ᠶᠢ ᠪᠡᠶᠡᠯᠡᠭᠦᠯᠦᠨ᠎ᠡ᠃      ᠬᠤᠶᠠᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠠᠷᠢᠮᠵᠢᠶᠠᠵᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠵᠢᠷᠤᠮᠵᠢᠯ ᠢ ᠨᠤᠲᠠᠯᠠᠨ ᠲᠣᠭᠲᠠᠭᠠᠵᠤ᠂ ᠳᠠᠪᠲᠠᠨ ᠬᠡᠷᠡᠭᠯᠡᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠰᠢᠨᠡᠳᠬᠡᠨ ᠲᠣᠬᠢᠷᠠᠭᠤᠯᠵᠤ᠂ ᠲᠤᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠰᠦᠯᠵᠢᠶ᠎ᠡ ᠪᠠᠷ ᠭᠦᠢᠴᠡᠳᠬᠡᠬᠦ  ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ ᠵᠡᠷᠭᠡ ᠦᠢᠯᠡᠴᠢᠯᠡᠭᠡᠨ ᠤ ᠴᠢᠨᠠᠷᠲᠠᠶ ᠮᠡᠳᠡᠭᠡ ᠵᠠᠩᠭᠢ ᠶᠢᠨ ᠬᠦᠴᠦᠨ ᠵᠦᠢᠯ ᠢ ᠲᠡᠭᠦᠯᠳᠡᠷᠵᠢᠭᠦᠯᠦᠨ᠂ ᠪᠦᠬᠦ ᠲᠤᠭᠤᠷᠢᠭ ᠤᠨ ᠪᠤᠶ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠪᠦᠬᠦ ᠬᠦᠴᠦᠨ ᠵᠦᠢᠯ ᠤᠨ ᠪᠠᠷᠢᠮᠵᠢᠶᠠᠵᠢᠭᠤᠯᠤᠯᠲᠠ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠠᠵᠢᠯᠯᠠᠭ᠎ᠠ ᠶᠢᠨ ᠨᠢᠭᠡᠳᠦᠯᠲᠡᠶ ᠵᠢᠷᠤᠮᠵᠢᠯ ᠢ ᠴᠢᠩᠭ᠎ᠠ ᠨᠠᠶᠢᠲᠠᠪᠦᠷᠢᠵᠢᠭᠤᠯᠤᠨ᠎ᠠ᠃      ᠭᠤᠷᠪᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠡᠯ᠎ᠡ ᠰᠠᠯᠠᠭ᠎ᠠ ᠮᠥᠴᠢᠷ ᠬᠠᠤᠯᠢ ᠴᠠᠭᠠᠵᠠ ᠬᠠᠤᠯᠢ ᠲᠣᠭᠲᠠᠭᠠᠯ ᠤᠨ ︽ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ︾ ᠪᠠ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠲᠣᠬᠢᠷᠠᠭᠤᠯᠤᠭᠰᠠᠨ ᠪᠠᠶᠢᠳᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠳᠤ ᠬᠥᠳᠡᠯᠦᠩᠭᠦᠶ ᠬᠠᠮᠢᠶᠠᠷᠤᠯᠲᠠ ᠶᠢ  ᠬᠡᠷᠡᠭᠵᠢᠭᠦᠯᠦᠨ᠎ᠡ᠃      ᠳᠥᠷᠪᠡ᠂ ᠬᠤᠯᠪᠣᠭᠳᠠᠯ ᠪᠥᠬᠦᠶ ᠨᠠᠷᠢᠨ ᠬᠠᠭᠤᠳᠠᠰᠤ ᠶᠢ ᠵᠣᠯᠭᠠᠭᠤᠯᠬᠤ ᠶᠢ ᠰᠠᠶᠢᠲᠤᠷ ᠬᠢᠨ᠎ᠠ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠬᠠᠭᠤᠳᠠᠰᠤ ᠵᠡᠷᠭᠡ ᠨᠠᠷᠢᠨ ᠬᠠᠭᠤᠳᠠᠰᠤ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠲᠠᠢ ᠨᠢᠭᠡᠳᠦᠯᠲᠡᠢ ᠪᠠᠶᠢᠯᠭᠠᠬᠤ ᠶᠢ ᠴᠢᠩᠳᠠᠯᠠᠬᠤ ᠶᠢᠨ ᠬᠠᠮᠲᠤ ᠰᠠᠶᠢᠲᠤᠷ ᠵᠣᠯᠭᠠᠭᠤᠯᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠬᠦ ᠬᠤᠯᠪᠣᠭᠳᠠᠯ ᠪᠦᠬᠦᠢ ᠨᠠᠷᠢᠨ ᠬᠠᠭᠤᠳᠠᠰᠤ ᠳᠤ ᠴᠠᠭ ᠲᠤᠬᠠᠢ ᠳᠤ ᠨᠢ ᠵᠣᠬᠢᠴᠠᠩᠭᠤᠢ ᠲᠣᠬᠢᠷᠠᠭᠤᠯᠤᠯᠲᠠ ᠬᠢᠨ᠎ᠡ᠃      ᠳᠠᠭᠠᠯᠳᠤᠭᠤᠯᠤᠯ᠄ ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2024 ᠣᠨ ᠤ ᠬᠡᠪᠯᠡᠯ︶         https://www.qsq.gov.cn/zfwj/98481.html
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号