2025 ᠣᠨ ᠤ ︽ᠰᠢᠨ᠎ᠡ ᠵᠢᠯ︾᠂ ︽ᠴᠠᠭᠠᠨ ᠰᠠᠷ᠎ᠠ︾ ᠤᠳᠠᠯ ᠥᠬᠡᠶ ᠬᠦᠷᠴᠦ ᠢᠷᠡᠬᠦ ᠲᠠᠰᠢᠷᠠᠮ ᠢᠶᠠᠷ᠂ | ︽ᠬᠤᠤᠰ ᠪᠠᠶᠠᠷ︾ ᠤᠨ ᠬᠤᠭᠤᠴᠠᠭᠠᠨ ᠳᠠᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠵᠠᠬ᠎ᠠ | ᠳᠡᠯᠭᠡᠭᠦᠷ ᠲᠤ ᠭᠠᠷᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠵᠦ᠂ ᠥᠷᠭᠡᠨ ᠣᠯᠠᠨ ᠠᠷᠠᠳ ᠲᠦᠮᠡᠨ ᠢ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ | ᠡᠳᠦᠷ ᠢ ᠥᠩᠭᠡᠷᠡᠭᠦᠯᠬᠦ ᠶᠢᠨ ᠲᠥᠯᠥᠭᠡ᠂ 12 ᠰᠠᠷ᠎ᠠ ᠶᠢᠨ 30 ᠤ ᠡᠳᠦᠷ᠂ ᠴᠢᠩᠱᠠᠨ ᠲᠣᠭᠤᠷᠢᠭ ᠤᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠪᠥᠬᠦ ᠲᠤᠭᠤᠷᠢᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠠ᠃ | ᠲᠣᠰ ᠤᠳᠠᠭᠠᠨ ᠤ ᠪᠠᠶᠢᠴᠠᠭᠠᠯᠲᠠ ᠨᠢ ᠴᠢᠩᠱᠠᠨ ᠲᠣᠭᠤᠷᠢᠭ ᠤᠨ ᠪᠣᠳᠠᠲᠠᠶ ᠪᠠᠶᠢᠳᠠᠯ ᠤᠨ ᠲᠣᠭᠤᠷᠢᠨ ᠳᠤ | ᠥᠷᠨᠢᠭᠦᠯᠵᠦ᠂ ︽ᠬᠤᠤᠰ ᠪᠠᠶᠠᠷ︾ ᠤᠨ ᠬᠤᠭᠤᠴᠠᠭᠠᠨ ᠳᠤ ᠦᠢᠯᠡᠳᠬᠦᠨ ᠲᠠᠢ ᠵᠠᠬ᠎ᠠ ᠳᠡᠯᠭᠡᠭᠦᠷ ᠲᠤ ᠣᠷᠣᠵᠤ | ᠢᠷᠡᠭᠰᠡᠨ ᠦᠢᠯᠡᠳᠪᠦᠷᠢᠯᠡᠯ ᠤᠨ ᠭᠤᠤᠯ ᠴᠣᠭᠴᠠ ᠳᠤ ᠴᠢᠭᠯᠡᠭᠦᠯᠦᠨ ᠪᠥᠬᠦ ᠲᠠᠯ᠎ᠠ ᠪᠠᠷ ᠲᠣᠭᠤᠷᠢᠨ ᠪᠠᠶᠢᠴᠠᠭᠠᠵᠤ᠂ | ᠳᠠᠷᠢᠵᠤ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ | ᠡᠭᠦᠨ ᠤ ᠬᠠᠮᠲᠤ᠂ ᠦᠢᠯᠡᠳᠪᠦᠷᠢᠯᠡᠯ ᠤᠨ ᠭᠤᠣᠯ ᠴᠣᠭᠴᠠ ᠳᠤ ᠲᠠᠷᠢᠶᠠᠨ ᠤ ᠪᠠ ᠮᠠᠯ ᠤᠨ ᠡᠮ ᠢ ᠲᠣᠭᠲᠠᠭᠠᠯ ᠳᠤ | ᠨᠡᠶᠢᠴᠡᠭᠦᠯᠦᠨ ᠬᠡᠷᠡᠭᠯᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠤᠣᠯᠳᠠᠯᠭ᠎ᠠ ᠲᠠᠢ ᠲᠣᠳᠣᠷᠬᠠᠶᠢᠯᠠᠨ | ᠥᠭᠦᠯᠡᠭᠰᠡᠨ ᠪᠥᠭᠡᠳ ᠦᠢᠯᠡᠳᠪᠦᠷᠢᠯᠡᠯ ᠤᠨ ᠭᠤᠣᠯ ᠴᠣᠭᠴᠠ ᠶᠢᠨ ᠠᠮᠠᠯᠠᠯᠲᠠ ᠶᠢᠨ ᠪᠠᠷᠢᠮᠵᠢᠶ᠎ᠠ ᠳᠤ ᠬᠦᠷᠦᠭᠰᠡᠨ | ᠬᠢᠷᠢ ᠲᠡᠩᠴᠡᠭᠰᠡᠨ ᠦᠨᠡᠮᠯᠡᠯ ᠢ ᠭᠠᠷᠭᠠᠵᠤ ᠥᠭᠭᠦᠭᠰᠡᠨ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠡᠬᠢ | ᠡᠭᠦᠰᠦᠯ ᠠᠴᠠ ᠨᠢ ᠮᠥᠷᠳᠡᠬᠦ ᠲᠣᠭᠲᠠᠴᠠ ᠶᠢᠨ ᠥᠨᠳᠥᠷ ᠪᠦᠲᠦᠮᠵᠢᠲᠡᠢ ᠠᠵᠢᠯᠯᠠᠭᠠᠨ ᠢ ᠪᠦᠬᠦ ᠬᠦᠴᠦᠨ ᠢᠶᠠᠷ ᠢᠶᠠᠨ | ᠪᠠᠲᠤᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠡᠬᠢ ᠡᠭᠦᠰᠦᠯ ᠠᠴᠠ ᠨᠢ | ᠦᠨᠡᠨᠬᠦ ᠡᠵᠡᠮᠳᠡᠵᠦ᠂ ᠠᠷᠠᠳ ᠤᠯᠠᠨ ᠤ ︽ᠬᠤᠯᠢᠰᠢᠨ ᠢᠳᠡᠭᠡᠨ︾ ᠢ ᠨᠡᠩ ᠰᠠᠨᠠᠭ᠎ᠠ ᠠᠮᠤᠷ ᠪᠣᠯᠭᠠᠵᠤ᠂ ︽ᠬᠤᠤᠰ ᠪᠠᠶᠠᠷ︾ | ᠤᠨ ᠬᠤᠭᠤᠴᠠᠭᠠᠨ ᠳᠠᠬᠢ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠲᠣᠭᠲᠠᠭᠤᠨ ᠪᠠ ᠠᠮᠤᠷ | ᠲᠦᠪᠰᠢᠨ ᠢ ᠪᠠᠲᠤᠯᠠᠨ᠎ᠠ᠃ |