ᠭᠠᠯ ᠤᠨᠲᠠᠷᠠᠭᠠᠬᠤ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠬᠦᠷᠭᠡᠪᠡ
ᠨᠡᠶᠢᠲᠡᠯᠡᠭᠰᠡᠨ ᠴᠠᠭ᠄
2024/12/4
      ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠭᠡᠨᠡᠳᠲᠡ ᠶᠢᠨ ᠬᠡᠷᠡᠭ ᠢ ᠠᠷᠭᠠᠴᠠᠬᠤ ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨᠬᠦ ᠨᠡᠮᠡᠭᠳᠡᠭᠦᠯᠵᠦ᠂ ᠭᠡᠷ ᠪᠦᠯᠢ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ᠂ ᠢᠯᠠᠩᠭᠤᠶ᠎ᠠ ᠨᠠᠰᠤᠲᠠᠶᠢᠴᠤᠳ ᠪᠣᠯᠤᠨ ᠵᠡᠮᠳᠡᠭᠴᠦᠳ ᠤᠨ ᠭᠡᠷ ᠲᠡᠭᠡᠨ ᠰᠠᠭᠤᠵᠤ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠲᠦᠭᠡᠮᠡᠯᠵᠢᠭᠦᠯᠵᠦ᠂ ᠣᠯᠠᠨ ᠤ ᠡᠪᠦᠯ ᠤᠨ ᠤᠯᠠᠷᠢᠯ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠭᠠᠯ ᠬᠡᠷᠡᠭᠯᠡᠬᠦ ᠶᠢ ᠦᠨᠡᠨᠬᠦ ᠪᠠᠲᠤᠯᠠᠬᠤ ᠶᠢᠨ ᠲᠦᠯᠦᠭᠡ᠂ 12 ᠰᠠᠷ᠎ᠠ ᠶᠢᠨ 3 ᠤ ᠡᠳᠦᠷ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠵᠤᠯ ᠵᠢᠷᠭᠠᠯ ᠵᠠᠮ ᠤᠨ ᠵᠡᠭᠡᠯᠢ ᠭᠤᠳᠤᠮᠵᠢ ᠶᠢᠨ ᠭᠡᠷᠡᠯ ᠭᠡᠭᠡ ᠨᠡᠶᠢᠭᠡᠮ ᠲᠣᠭᠤᠷᠢᠭ ︽ᠭᠠᠯ ᠤᠨᠲᠠᠷᠠᠭᠠᠬᠤ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠬᠦᠷᠭᠡᠬᠦ︾ ᠬᠡᠷ ᠪᠦᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃      ᠠᠵᠢᠯᠲᠠᠳ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠭᠠᠯ ᠤᠨ ᠠᠶᠤᠯ ᠤᠨ ᠬᠡᠷᠡᠭ ᠤᠨ ᠪᠣᠳᠠᠲᠠᠶ ᠵᠢᠱᠢᠶ᠎ᠡ ᠲᠠᠢ ᠤᠶᠠᠯᠳᠤᠭᠤᠯᠤᠨ᠂ ᠰᠠᠭᠤᠭᠠᠯᠢ ᠠᠷᠠᠳ ᠲᠤ ᠭᠠᠯ ᠤᠨ ᠠᠶᠤᠯ ᠤᠨ ᠬᠤᠤᠷ ᠬᠥᠨᠥᠭᠡᠯ᠂ ᠡᠳᠦᠷ ᠲᠤᠲᠤᠮ ᠤᠨ ᠭᠠᠯ ᠰᠡᠷᠭᠡᠶᠢᠯᠡᠬᠦ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠢ ᠬᠠᠪᠰᠤᠷᠤᠨ ᠴᠠᠬᠢᠯᠭᠠᠨ ᠤᠲᠠᠰᠤ᠂ ᠲᠣᠭᠤᠭᠠᠨ ᠭᠡᠷ ᠤᠨ ᠰᠢᠲᠠᠮᠠᠬᠠᠶ ᠬᠡᠢ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠳᠠᠯᠳᠠ ᠭᠡᠮ ᠤᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠡᠷᠢᠵᠦ ᠠᠷᠢᠯᠭᠠᠬᠤ ᠬᠡᠷᠡᠭᠲᠡᠶ᠂ ᠰᠠᠭᠤᠭᠠᠯᠢ ᠠᠷᠠᠳ ᠤᠨ ᠬᠠᠬᠢᠷ ᠬᠦᠢᠲᠡᠨ ᠠᠭᠤᠷ ᠠᠮᠢᠰᠬᠤᠯ ᠳᠤ ᠳᠤᠯᠠᠭᠠᠯᠠᠭ᠎ᠠ ᠶᠢᠨ ᠲᠥᠬᠦᠭᠡᠷᠦᠮᠵᠢ ᠶᠢ ᠵᠥᠪ ᠢᠶᠠᠷ ᠬᠡᠷᠡᠭᠯᠡᠬᠦ᠂ ᠴᠠᠬᠢᠯᠭᠠᠨ‌ᠤᠲᠠᠰᠦ ᠶᠢ ᠳᠤᠷ᠎ᠠ ᠪᠠᠷ ᠢᠶᠠᠨ ᠲᠠᠲᠠᠬᠤ ᠦᠭᠡᠢ᠂ ᠬᠢᠷᠢ ᠲᠡᠩᠴᠡᠬᠦ ᠦᠭᠡᠢ ᠶᠡᠭᠡ ᠴᠢᠳᠠᠪᠬᠢᠲᠤ ᠴᠠᠬᠢᠯᠭᠠᠨ ᠬᠡᠷᠡᠭᠰᠡᠯ ᠢ ᠬᠡᠷᠡᠭᠯᠡᠬᠦ ᠦᠭᠡᠢ᠂ ᠬᠡᠳᠦ ᠳᠠᠭᠠᠭᠠᠴᠠ ᠲᠠᠢ ᠪᠠᠷ ᠴᠠᠬᠢᠯᠭᠠᠨ ᠬᠡᠷᠡᠭᠯᠡᠬᠦ ᠦᠭᠡᠢ᠂ ᠣᠷᠣ ᠳᠣᠲᠣᠷ᠎ᠠ ᠲᠠᠮᠠᠬᠢ ᠲᠠᠲᠠᠬᠤ ᠦᠭᠡᠢ᠂ ᠠᠰᠠᠷ ᠤᠨ ᠭᠤᠳᠤᠮᠵᠢ ᠳᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠣᠭᠰᠣᠭᠠᠬᠤ ᠪᠤᠶᠤ ᠭᠡᠷ ᠳᠣᠲᠣᠷ᠎ᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠳ᠋ᠢᠶᠠᠨ ᡂᠢ ᠳᠤ ᠴᠠᠬᠢᠯᠭᠠᠨ ᠴᠡᠨᠡᠭᠯᠡᠬᠦ ᠦᠭᠡᠢ᠂ ᠠᠰᠠᠷ ᠤᠨ ᠵᠠᠮ ᠳᠣᠲᠣᠷ᠎ᠠ ᠡᠯᠳᠡᠪ ᠪᠣᠳᠠᠰ ᠣᠪᠣᠭᠠᠯᠠᠬᠤ ᠦᠭᠡᠢ ᠪᠠᠶᠢᠬᠤ ᠶᠢ ᠴᠢᠩᠭ᠎ᠠ ᠴᠠᠭᠠᠵᠠᠯᠠᠵᠤ᠂ ︽ᠭᠤᠷᠪᠠ ᠶᠢ ᠴᠡᠪᠡᠷᠯᠡᠬᠦ ᠭᠤᠷᠪᠠ ᠶᠢ ᠬᠠᠭᠠᠬᠤ︾ ︵ᠳᠠᠷᠤᠶ ᠶᠠᠪᠠᠭᠠᠨ ᠵᠠᠮ ᠢ ᠴᠡᠪᠡᠷᠯᠡᠬᠦ᠂ ᠨᠠᠷᠠᠪᠴᠢ ᠶᠢ ᠴᠡᠪᠡᠷᠯᠡᠬᠦ᠂ ᠲᠣᠭᠤᠭᠠᠨ ᠭᠡᠷ ᠶᠢ ᠴᠡᠪᠡᠷᠯᠡᠬᠦ᠂ ᠭᠡᠷ ᠠᠴᠠ ᠪᠠᠨ ᠭᠠᠷᠬᠤ ᠪᠤᠶᠤ ᠤᠨᠲᠠᠬᠤ ᠠᠴᠠ ᠪᠠᠨ ᠡᠮᠦᠨ᠎ᠡ ᠴᠠᠬᠢᠯᠭᠠᠨ ᠡᠭᠦᠰᠭᠡᠭᠴᠢ ᠶᠢ ᠬᠠᠭᠠᠬᠤ᠂ ᠭᠠᠯ ᠤᠨ ᠡᠬᠢ ᠰᠤᠷᠪᠤᠯᠵᠢ ᠶᠢ ᠬᠠᠭᠠᠬᠤ᠂ ᠬᠡᠢ ᠶᠢᠨ ᠰᠤᠷᠪᠤᠯᠵᠢ ᠶᠢ ᠬᠠᠭᠠᠬᠤ︶᠂ ᠭᠠᠯ ᠲᠦᠢᠮᠡᠷ ᠤᠨ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠭᠡᠵᠦ ᠵᠠᠬᠢᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠨᠢᠭᠤᠷᠳᠠᠨ ᠶᠠᠷᠢᠯᠴᠠᠬᠤ︾ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ︽ᠭᠠᠷ︾ ᠢᠶᠠᠷ ᠳᠠᠮᠵᠢᠭᠤᠯᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠠ ᠭᠡᠨᠡᠳᠲᠡ ᠶᠢᠨ ᠭᠠᠯ ᠤᠨ ᠠᠶᠤᠯ ᠤᠨ ᠬᠡᠷᠡᠭ ᠢ ᠠᠷᠭᠠᠴᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠭᠡᠷᠡᠯ ᠭᠡᠭᠡ ᠨᠡᠶᠢᠭᠡᠮ ᠲᠣᠭᠤᠷᠢᠭ ︽ᠪᠥᠬᠦ ᠠᠷᠠᠳ ᠤᠨ ᠭᠠᠯ ᠤᠨᠲᠠᠷᠠᠭᠠᠬᠤ᠂ ᠠᠮᠢ ᠨᠠᠰᠤ ᠶᠢ ᠳᠡᠭᠡᠳᠦᠯᠡᠬᠦ︾ ᠭᠤᠤᠯ ᠰᠡᠳᠦᠪ ᠤᠨ ᠲᠣᠭᠤᠷᠢᠨ ᠳᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢᠨ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号