ᠢᠷᠡᠭᠡᠳᠦᠢ ᠶᠢᠨ ᠵᠠᠮ ᠢ ᠭᠡᠷᠡᠯᠳᠦᠬᠦᠯᠵᠦ᠂ ᠣᠯᠠᠨ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/12/4
      ᠡᠨᠡ ᠵᠢᠯ ᠠᠴᠠ ᠨᠠᠭᠠᠰᠢ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠢᠭᠤᠯᠤᠯᠲᠠ ᠶᠢ ᠲᠡᠭᠦᠯᠳᠡᠷᠵᠢᠭᠦᠯᠵᠦ᠂ ᠣᠯᠠᠨ ᠡᠰᠢᠲᠦ ᠤᠷᠢᠵᠤ ᠡᠯᠰᠡᠬᠦ ᠠᠷᠭ᠎ᠠ ᠮᠠᠶ᠋ᠢᠭ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠵᠢᠯ ᠣᠯᠭᠤᠬᠤ ᠦᠢᠯᠡᠰ ᠪᠤᠰᠬᠠᠬᠤ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠣᠯᠭᠤᠯᠲᠠ ᠳᠤ ᠬᠦᠴᠦᠨ ᠣᠯᠭᠤᠵᠤ᠂ ᠠᠷᠠᠳ ᠤᠨ ᠰᠡᠳᠭᠢᠯ ᠢ ᠳᠤᠯᠠᠭᠠᠴᠠᠭᠤᠯᠵᠦ᠂ ᠠᠵᠢᠯ ᠬᠦᠯᠢᠶᠡᠵᠦ ᠪᠠᠶᠢᠭ᠎ᠠ ᠣᠯᠠᠨ ᠲᠦᠮᠡᠨ ᠤ ᠢᠷᠡᠭᠡᠳᠦᠢ ᠶᠢᠨ ᠵᠠᠮ ᠢ ᠭᠡᠷᠡᠯᠲᠦᠭᠦᠯᠪᠡ᠃      ᠠᠵᠢᠯᠲᠠᠨ ᠡᠯᠰᠡᠬᠦ ᠶᠢ ᠵᠣᠯᠭᠠᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠲᠤᠬᠠᠶ ᠶᠢᠨ ᠲᠠᠯᠠᠪᠤᠷ ᠲᠤ ᠠᠵᠢᠯᠲᠠᠨ ᠡᠯᠰᠡᠬᠦ ᠪᠠ ᠠᠵᠢᠯ ᠤᠨ ᠪᠠᠶᠢᠷᠢ ᠳᠤ ᠬᠦᠷᠭᠡᠬᠦ ᠶᠢ ᠵᠡᠷᠭᠡᠪᠡᠷ ᠬᠦᠴᠦᠯᠡᠪᠡ      3 ᠰᠠᠷ᠎ᠠ ᠶᠢᠨ 9 ᠤ ᠡᠳᠦᠷ᠂ ᠴᠢᠩᠱᠠᠨ ᠲᠣᠭᠤᠷᠢᠭ ᠤᠨ ᠡᠳᠦᠷ ᠤᠨ ᠠᠵᠢᠯᠴᠢᠨ ᠤ ᠥᠷᠲᠡᠭᠡ ᠸᠠᠨ ᠳ᠋ᠠ ᠬᠤᠪᠢᠶᠠᠷᠢ ᠥᠷᠲᠡᠭᠡ ᠸᠠᠨ ᠳ᠋ᠠ ᠠᠭᠤᠳᠠᠮ ᠲᠠᠯᠠᠪᠠᠢ ᠳᠤ ᠵᠢᠩᠬᠢᠨᠢ ᠪᠠᠷ ᠫᠠᠶᠢᠰᠠ ᠡᠯᠭᠦᠵᠦ᠂ ᠡᠳᠦᠷ ᠤᠨ ᠠᠵᠢᠯᠴᠢᠨ ᠤ ᠥᠷᠲᠡᠭᠡ ᠨᠢ ᠬᠥᠳᠡᠯᠮᠦᠷᠢᠴᠢᠳ ᠤᠨ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠬᠤ ᠶᠢ ᠳᠡᠮᠵᠢᠵᠦ᠂ ᠡᠳᠦᠷ ᠤᠨ ᠠᠵᠢᠯᠴᠢᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠴᠠ ᠭᠠᠳᠠᠨ᠎ᠠ᠂ ᠡᠳᠦᠷ ᠤᠨ ᠠᠵᠢᠯᠴᠢᠨ ᠤ ᠥᠷᠲᠡᠭᠡᠨ ᠤ ᠸᠠᠨ ᠳ᠋ᠠ ᠬᠤᠪᠢᠶᠠᠷᠢ ᠥᠷᠲᠡᠭᠡ ᠨᠢ ᠰᠠᠷ᠎ᠠ ᠪᠦᠷᠢ ᠶᠢᠨ ᠬᠤᠶᠠᠳᠤᠭᠠᠷ ᠭᠠᠷᠠᠭ ᠤᠨ ᠵᠢᠷᠭᠤᠭᠠᠨ ᠳᠤ ᠲᠣᠭᠲᠠᠭᠰᠠᠨ ᠬᠤᠭᠤᠴᠠᠭ᠎ᠠ ᠲᠠᠢ ᠪᠠᠷ ᠡᠯ᠎ᠡ ᠵᠦᠢᠯ ᠤᠨ ᠰᠦᠯᠵᠢᠶᠡᠨ ᠭᠠᠳᠠᠨᠠᠬᠢ ᠲᠤᠬᠠᠢ ᠶᠢᠨ ᠲᠠᠯᠠᠪᠠᠢ ᠶᠢᠨ ᠤᠷᠢᠵᠤ ᠡᠯᠰᠡᠬᠦ ᠬᠤᠷᠠᠯ ᠢ ᠡᠷᠬᠢᠯᠡᠵᠦ᠂ ᠭᠤᠣᠯ ᠪᠣᠯᠬᠤ ᠬᠤᠳᠠᠯᠳᠤᠭᠠᠨ ᠤ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠠᠢ᠃ ᠨᠡᠶᠢᠭᠡᠮ ᠲᠣᠭᠤᠷᠢᠭ ᠤᠨ ᠠᠵᠢᠯ ᠣᠯᠵᠤ ᠠᠵᠢᠯᠲᠠᠨ ᠡᠯᠰᠡᠬᠦ ᠠᠵᠢᠯᠯᠠᠭ᠎ᠠ ᠶᠢ ᠡᠷᠭᠢᠯᠡᠵᠦ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠠᠵᠢᠯᠲᠠᠨ ᠡᠯᠰᠡᠬᠦ ᠠᠵᠢᠯᠯᠠᠭ᠎ᠠ ᠶᠢ ᠬᠤᠲᠠ ᠶᠢᠨ ᠠᠷᠠᠳ ᠤᠨ ᠳᠡᠷᠭᠡᠳᠡ ᠬᠦᠷᠭᠡᠪᠡ᠃ ᠨᠡᠶᠢᠭᠡᠮ ᠲᠣᠭᠤᠷᠢᠭ ᠲᠠᠢ ᠬᠤᠯᠪᠣᠭᠠᠯᠠᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠤᠤᠷᠵᠢᠯ ᠤᠨ ᠠᠵᠢᠯᠲᠠᠨ ᠰᠠᠭᠤᠭᠠᠯᠢ ᠠᠷᠠᠳ ᠤᠨ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠮᠡᠳᠡᠭᠡ ᠵᠠᠩᠭᠢ ᠨᠡᠶᠢᠲᠡᠯᠡᠬᠦ ᠪᠠ ᠴᠤᠭᠯᠠᠭᠤᠯᠵᠤ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠨᠠᠩ ᠣᠨᠣᠪᠴᠢᠲᠠᠶ᠂ ᠨᠠᠩ ᠭᠦᠢᠴᠡᠳ ᠳᠠᠮᠵᠢᠭᠤᠯᠤᠨ᠎ᠠ᠃      ᠡᠭᠦᠨ ᠠᠴᠠ ᠭᠠᠳᠠᠨ᠎ᠠ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠢᠨᠲ᠋ᠧᠷ ᠰᠦᠯᠵᠢᠶᠡᠨ ᠤ ᠲᠠᠪᠴᠠᠩ ᠢ ᠭᠦᠢᠴᠡᠳ ᠠᠰᠢᠭᠯᠠᠵᠤ᠂ ᠡᠭᠦᠯᠡᠨ ᠲᠠᠪᠴᠠᠩ ᠢᠶᠠᠷ ᠠᠵᠢᠯ ᠤᠨ ᠪᠠᠶᠢᠷᠢ ᠬᠦᠷᠭᠡᠵᠦ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠢᠭ᠋ ᠲᠤᠭ ᠰᠢᠭᠤᠳ ᠨᠡᠪᠲᠡᠷᠡᠭᠦᠯᠭᠡ ᠳᠤ ᠠᠵᠢᠯ ᠤᠨ ᠪᠠᠶᠢᠷᠢ ᠶᠢ ᠬᠦᠷᠭᠡᠬᠦ ᠶᠢᠨ ᠬᠠᠮᠲᠤ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠳᠡᠭᠡᠷ᠎ᠡ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠵᠤ᠂ ᠰᠠᠭᠤᠭᠠᠯᠢ ᠠᠷᠠᠳ ᠢ ᠭᠡᠷ ᠠᠴᠠ ᠪᠠᠨ ᠭᠠᠷᠬᠤ ᠦᠭᠡᠢ ᠪᠠᠷ ᠠᠵᠢᠯᠲᠠᠨ ᠡᠯᠰᠡᠬᠦ ᠮᠡᠳᠡᠭᠡ ᠵᠠᠩᠭᠢ ᠶᠢ ᠣᠶᠢᠯᠠᠭᠠᠭᠤᠯᠪᠠ᠃ ︽ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠳᠠᠩᠰᠠᠯᠠᠯᠲᠠ ᠶᠢᠨ ᠵᠢᠵᠢᠭ ᠲᠠᠪᠴᠠᠩ︾ ᠢᠶᠠᠷ ᠳᠠᠮᠵᠢᠭᠤᠯᠤᠨ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠲᠡᠳᠡᠨᠤᠰ ᠤᠨ ᠠᠵᠢᠯ ᠤᠯᠬᠤ ᠰᠠᠨᠠᠮᠵᠢ ᠪᠠ ᠬᠡᠷᠡᠭᠴᠡᠭᠡ ᠲᠠᠢ ᠠᠵᠢᠯ ᠣᠯᠭᠤᠬᠤ ᠦᠢᠯᠡᠴᠢᠯᠡᠭᠡ ᠶᠢ ᠣᠶᠢᠯᠠᠭᠠᠵᠤ᠂ ᠴᠡᠭ ᠠᠴᠠ ᠴᠡᠭ ᠲᠤ ᠬᠦᠷᠴᠦ ᠬᠠᠪᠰᠤᠷᠤᠨ ᠲᠡᠳᠬᠦᠨ᠎ᠡ᠃ ᠠᠵᠢᠯᠲᠠᠨ ᠡᠯᠰᠡᠬᠦ ᠰᠦᠯᠵᠢᠶ᠎ᠡ᠂ ᠣᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ︽ᠡᠳᠦᠷ ᠤᠨ ᠠᠵᠢᠯ ᠤᠨ ᠥᠷᠲᠡᠭᠡ︾᠂ ︽ᠲᠤᠰᠢᠶᠠᠯ ᠢᠶᠠᠷ ᠢᠷᠡᠭᠡᠳᠦᠶ ᠶᠢ ᠲᠠᠲᠠᠬᠤ — ᠶᠡᠭᠡ ᠳᠤᠮᠳᠠ ᠬᠤᠲᠠ ᠪᠠᠷ ᠬᠠᠮᠲᠤᠷᠠᠨ ᠤᠷᠢᠵᠤ ᠡᠯᠰᠡᠬᠦ︾ ᠵᠡᠷᠭᠡ ᠠᠵᠢᠯᠲᠠᠨ ᠡᠯᠰᠡᠬᠦ ᠮᠡᠳᠡᠭᠡ ᠵᠠᠩᠭᠢ ᠶᠢ ᠦᠷᠭᠦᠯᠵᠢᠯᠡᠨ ᠲᠠᠨᠢᠯᠴᠠᠭᠤᠯᠤᠨ ᠬᠦᠷᠭᠡᠵᠦ᠂ ᠰᠦᠯᠵᠢᠶᠡᠨ ᠤ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠬᠡᠪᠴᠢᠶ᠎ᠡ ᠥᠷᠭᠡᠨ᠂ ᠦᠷ᠎ᠡ ᠪᠦᠲᠦᠮᠵᠢ ᠪᠠᠷ ᠥᠨᠳᠥᠷ ᠳᠠᠪᠠᠭᠤᠯᠢᠭ ᠢ ᠭᠦᠢᠴᠡᠳ ᠠᠰᠢᠭᠯᠠᠨ᠂ ᠬᠤᠶᠠᠷ ᠲᠠᠯ᠎ᠠ ᠶᠢᠨ ᠮᠡᠳᠡᠭᠡ ᠵᠠᠩᠭᠢ ᠶᠢᠨ ᠪᠠᠬᠢᠯᠡᠯᠲᠡ ᠶᠢ ᠠᠷᠢᠯᠭᠠᠵᠤ᠂ ᠣᠯᠠᠨ ᠨᠡᠶᠢᠲᠡ ᠳᠤ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠩ ᠣᠯᠠᠨ ᠬᠠᠩᠭᠠᠵᠤ᠂ ᠣᠯᠠᠨ ᠡᠰᠢᠴᠢᠯᠡᠭᠰᠡᠨ ᠠᠵᠢᠯᠲᠠᠨ ᠡᠯᠰᠡᠬᠦ ᠬᠡᠯᠪᠡᠷᠢ ᠶᠢ ᠬᠠᠶᠢᠨ ᠰᠦᠪᠡᠭᠴᠢᠯᠡᠵᠦ᠂ ᠠᠵᠢᠯ ᠣᠯᠭᠤᠯᠲᠠ ᠶᠢ ᠨᠠᠩ ᠰᠠᠶᠢᠲᠤᠷ ᠠᠬᠢᠭᠤᠯᠤᠨ᠎ᠠ᠃ 2024 ᠣᠨ ᠤ 11 ᠳ᠋ᠦ᠋ᠭᠡᠷ ᠰᠠᠷ᠎ᠠ ᠪᠣᠯᠲᠠᠯ᠎ᠠ᠂ ᠨᠡᠶᠢᠲᠡ 6 ᠲᠠᠯᠠᠪᠠᠶ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠵᠤ᠂ 139 ᠠᠵᠤ ᠠᠬᠤᠶᠢᠯᠠᠯ  ᠤᠨ 3343 ᠠᠵᠢᠯ ᠤᠨ ᠪᠠᠶᠢᠷᠢ ᠨᠡᠶᠢᠲᠡᠯᠡᠵᠦ᠂ ᠰᠢᠭᠤᠳ ᠨᠡᠪᠲᠡᠷᠡᠭᠦᠯᠭᠡ ᠪᠠᠷ 13.2 ᠲᠦᠮᠡᠨ ᠬᠥᠮᠦᠨ ᠤᠳᠠᠭ᠎ᠠ ᠦᠵᠡᠵᠡᠢ᠃ 205 ᠤᠳᠠᠭ᠎ᠠ ᠰᠦᠯᠵᠢᠶᠡᠨ ᠳᠡᠭᠡᠷ᠎ᠡ ᠬᠦᠷᠭᠡᠵᠦ᠂ 205 ᠠᠵᠤ ᠠᠬᠤᠶᠢᠯᠠᠯ 7654 ᠠᠵᠢᠯ ᠤᠨ ᠪᠠᠶᠢᠷᠢ ᠬᠠᠩᠭᠠᠵᠤ᠂ 4000 ᠭᠠᠷᠤᠢ ᠤᠳᠠᠭ᠎ᠠ ᠤᠷᠤᠯᠴᠠᠵᠠᠢ᠃      ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠮᠤᠵᠢ ᠶᠢᠨ ᠳᠣᠲᠣᠷ᠎ᠠ ᠪᠠ ᠭᠠᠳᠠᠷ ᠣᠷᠣᠨ ᠳᠤ ᠬᠦᠷᠴᠦ ᠴᠢᠳᠠᠪᠤᠷᠢᠲᠠᠨ ᠡᠯᠰᠡᠵᠦ ᠤᠶᠤᠲᠠᠨ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠴᠢᠳᠠᠪᠤᠷᠢ ᠣᠯᠭᠤᠵᠤ᠂ ᠵᠠᠰᠠᠭ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠩ ᠭᠦᠢᠴᠡᠳ ᠨᠠᠩ ᠴᠢᠨᠠᠷ ᠰᠠᠶᠢᠲᠠᠶ ᠠᠵᠢᠯ ᠤᠯᠬᠤ ᠶᠢ ᠠᠬᠢᠭᠤᠯᠬᠤ ᠶᠢᠨ ᠬᠠᠮᠲᠤ ᠭᠠᠳᠠᠭᠠᠳᠤ ᠳᠤ ᠬᠦᠷᠴᠦ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠨᠠᠩ ᠣᠯᠠᠨ ᠴᠢᠳᠠᠪᠤᠷᠢᠲᠠᠨ ᠢ ᠪᠤᠭᠤᠲᠤ ᠳᠤ ᠦᠯᠡᠳᠡᠭᠡᠵᠦ᠂ ᠪᠤᠭᠤᠲᠤ ᠶᠢ ᠪᠥᠲᠥᠭᠡᠨ ᠪᠠᠶᠢᠭᠤᠯᠤᠨ᠎ᠠ᠃ 2024 ᠣᠨ ᠠᠴᠠ ᠨᠠᠭᠠᠰᠢ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ᠂ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ 11 ᠲᠤᠭᠤᠷᠢᠭ  ᠲᠤ ᠰᠠᠭᠤᠭ᠎ᠠ ᠲᠥᠪ ᠤᠨ ᠠᠵᠤ ᠠᠬᠤᠶᠢᠯᠠᠯ᠂ ᠲᠤᠭᠤᠷᠢᠭ ᠤᠨ ᠬᠠᠷᠢᠶ᠎ᠠ ᠭᠤᠣᠯᠳᠠᠯᠭ᠎ᠠ ᠲᠠᠢ ᠠᠵᠤ ᠠᠬᠤᠶᠢᠯᠠᠯ ᠢ ᠢᠳᠡᠪᠬᠢᠲᠡᠢ ᠪᠠᠷ ᠳᠠᠶᠢᠴᠢᠯᠠᠨ ᠬᠠᠪᠤᠷ᠂ ᠨᠠᠮᠤᠷ ᠬᠤᠶᠠᠷ ᠤᠯᠠᠷᠢᠯ ᠳᠤ ᠭᠠᠳᠠᠨ᠎ᠠ ᠠᠴᠠ ᠤᠷᠢᠨ ᠡᠯᠰᠡᠬᠦ ᠳᠤ ᠣᠷᠣᠯᠴᠠᠭᠤᠯᠵᠤ᠂ ᠲᠤᠰ ᠲᠤᠰ ᠪᠡᠭᠡᠵᠢᠩ ᠲᠢᠶᠠᠨᠵᠢᠨ ᠡᡁᠧᠪᠸᠢ᠂ ᠵᠡᠭᠦᠨ ᠬᠤᠶᠢᠲᠤ ᠣᠷᠣᠨ᠂ ᠱᠠᠨᠰᠢ ᠭᠠᠨᠰᠦ ᠴᠢᠩ ᠬᠠᠢ᠂ ᠱᠠᠨ ᠰᠢ ᠱᠠᠨᠳᠦ᠋ᠩ ᠾᠧᠨᠠᠨ ᠪᠣᠯᠤᠨ ᠥᠪᠡᠷᠲᠡᠭᠡᠨ ᠵᠠᠰᠠᠬᠤ ᠣᠷᠣᠨ ᠤ ᠲᠠᠪᠤᠨ ᠵᠤᠷᠪᠤᠰ ᠱᠤᠭᠤᠮ᠂ 30 ᠭᠠᠷᠤᠢ ᠶᠡᠭᠡ ᠳᠡᠭᠡᠳᠦ ᠰᠤᠷᠭᠠᠭᠤᠯᠢ ᠳᠤ ᠴᠢᠳᠠᠪᠤᠷᠢᠲᠠᠨ ᠡᠯᠰᠡᠵᠦ ᠤᠶᠤᠲᠠᠨ ᠢ ᠤᠷᠢᠬᠤ ᠬᠤᠣᠰ ᠰᠣᠩᠭᠤᠯᠲᠠ ᠶᠢᠨ ᠬᠤᠷᠠᠯ ᠥᠷᠨᠢᠭᠦᠯᠵᠦ᠂ ᠠᠵᠢᠯ ᠡᠷᠢᠬᠦ ᠰᠠᠨᠠᠮᠵᠢ ᠲᠠᠢ ᠬᠦᠮᠦᠨ 5797 ᠪᠠᠶᠢᠵᠦ᠂ ᠮᠧᠬᠠᠨᠢᠭ᠂ ᠴᠠᠬᠢᠯᠭᠠᠨ ᠬᠡᠢ᠂ ᠮᠠᠲ᠋ᠧᠷᠢᠶᠠᠯ᠂ ᠠᠦ᠋ᠲ᠋ᠣᠴᠢᠯᠠᠯᠲᠠ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠨ ᠵᠦᠢᠯ ᠤᠨ ᠪᠠᠶᠢᠭᠠᠯᠢ ᠶᠢᠨ ᠲᠤᠰᠬᠠᠢ ᠮᠡᠷᠭᠡᠵᠢᠯ ᠳᠤ ᠬᠤᠯᠪᠣᠭᠳᠠᠵᠤ᠂ ᠠᠵᠢᠯ ᠣᠯᠭᠤᠯᠲᠠ ᠶᠢᠨ ᠬᠡᠯᠡᠯᠴᠡᠭᠡᠷ ᠲᠣᠭᠲᠠᠭᠰᠠᠨ ᠨᠢ 634 ᠬᠥᠮᠦᠨ ᠪᠣᠯᠵᠠᠢ᠃      ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠠᠵᠤ ᠠᠬᠤᠶᠢᠯᠠᠯ ᠳᠤ ᠣᠷᠣᠵᠤ ᠠᠵᠢᠯ ᠤᠨ ᠪᠠᠶᠢᠷᠢ ᠶᠢ ᠬᠠᠶᠢᠬᠤ ᠠᠵᠢᠯᠯᠠᠭ᠎ᠠ ᠶᠢ ᠠᠬᠢᠭᠤᠯᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ      ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠯᠠᠭᠤᠴᠤᠳ ᠤᠨ ᠠᠵᠢᠯ ᠣᠯᠭᠤᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠯᠠᠨ ᠪᠠᠶᠢᠵᠤ᠂ ᠠᠵᠢᠯ ᠣᠯᠭᠤᠯᠲᠠ ᠶᠢᠨ ᠭᠤᠣᠯ ᠬᠦᠴᠦᠨ ᠪᠤᠯᠵᠤ᠂ ᠲᠡᠭᠦᠰᠬᠦ ᠰᠤᠷᠤᠭᠴᠢᠳ ᠤᠨ ᠠᠵᠢᠯ ᠤᠯᠬᠤ ᠨᠤᠷᠮ᠎ᠠ ᠪᠣᠯ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠪᠣᠯᠤᠨ᠎ᠠ᠃ 11 ᠰᠠᠷ᠎ᠠ ᠶᠢᠨ 8 ᠤ ᠡᠳᠦᠷ᠂ ᠪᠤᠭᠤᠲᠤ ᠬᠤᠲᠠ ᠪᠣᠯᠤᠨ ᠴᠢᠩᠱᠠᠨ ᠲᠣᠭᠤᠷᠢᠭ ᠤᠨ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠨ ᠬᠠᠮᠲᠤ ᠶᠢᠨ ᠵᠣᠬᠢᠶᠠᠨ ᠪᠠᠶᠢᠭᠤᠯᠤᠯᠲᠠ ᠳᠣᠤᠷ᠎ᠠ᠂ ᠲᠡᠭᠦᠰᠦᠭᠰᠡᠳ ᠤᠨ ᠠᠵᠤ ᠠᠬᠤᠶᠢᠯᠠᠯ ᠳᠤ ᠣᠷᠣᠵᠤ ᠠᠵᠢᠯ ᠤᠨ ᠪᠠᠶᠢᠷᠢ ᠬᠠᠶᠢᠬᠤ ᠠᠵᠢᠯᠯᠠᠭ᠎ᠠ ᠤᠷᠤᠭᠰᠢᠲᠠᠶ ᠶᠠᠪᠤᠭᠳᠠᠵᠤ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 45 ᠰᠤᠷᠤᠭᠴᠢ ᠶᠢ ᠤᠷᠢᠵᠤ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠦᠢᠯᠡᠳᠪᠦᠷᠢᠯᠡᠯ ᠡᠵᠡᠩᠨᠡᠯᠲᠡ᠂ ᠠᠵᠢᠯᠲᠠᠨ ᠡᠯᠰᠡᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠣᠳᠣᠬᠠᠨ ᠤ ᠠᠵᠢᠯᠲᠠᠨ ᠡᠯᠰᠡᠬᠦ ᠬᠡᠯᠪᠡᠷᠢ᠂ ᠠᠵᠢᠯ ᠤᠨ ᠠᠭᠤᠯᠭ᠎ᠠ᠂ ᠴᠠᠯᠢᠩ ᠬᠥᠯᠥᠰᠥ ᠵᠡᠷᠭᠡ ᠶᠢ ᠣᠶᠢᠯᠠᠭᠠᠭᠤᠯᠪᠠ᠃ ᠡᠨᠡ ᠬᠦ ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠤᠨ ᠬᠤᠯᠪᠣᠭᠠᠯᠠᠭᠰᠠᠨ ᠵᠠᠭᠪᠤᠷ ᠨᠢ ᠰᠤᠷᠤᠭᠴᠢᠳ ᠲᠤ ᠠᠵᠤ ᠠᠬᠤᠶᠢᠯᠠᠯ ᠳᠤ ᠭᠦᠨᠵᠡᠭᠡᠶᠢᠷᠡᠨ ᠡᠯ᠎ᠡ ᠠᠵᠢᠯ ᠤᠨ ᠪᠠᠶᠢᠷᠢ ᠶᠢᠨ ᠲᠤᠬᠠᠢ ᠣᠶᠢᠯᠠᠭᠠᠬᠤ ᠲᠣᠬᠢᠶᠠᠯ ᠬᠠᠩᠭᠠᠵᠤ᠂ ᠠᠵᠢᠯ ᠮᠡᠷᠭᠡᠵᠢᠯ ᠤᠨ ᠠᠮᠢᠳᠤᠷᠠᠯ ᠢ ᠡᠷᠲᠡ ᠲᠥᠯᠥᠪᠵᠢᠭᠦᠯᠵᠦ᠂ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠤᠷᠢᠳᠴᠢᠯᠠᠨ ᠣᠶᠢᠯᠠᠭᠠᠵᠤ᠂ ᠠᠵᠢᠯ ᠣᠯᠭᠤᠯᠲᠠ ᠶᠢ ᠲᠥᠭᠡᠷᠢᠭᠳᠡᠭᠦᠯᠬᠦ ᠦᠭᠡᠢ ᠪᠠᠶᠢᠬᠤ ᠳᠤ ᠠᠰᠢᠭᠲᠠᠢ ᠶᠤᠮ᠃      ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠬᠤ ᠦᠢᠯᠡᠰ ᠪᠤᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠣᠯᠠᠨ ᠵᠦᠢᠯ ᠤᠨ ᠠᠵᠢᠯ ᠣᠯᠭᠤᠬᠤ ᠦᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠬᠠᠩᠭᠠᠨ᠎ᠠ᠃ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠰᠦᠢᠳᠬᠡᠯ ᠬᠤᠷᠢᠶᠠᠬᠤ ᠥᠬᠡᠶ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠶᠡᠭᠡ ᠪᠠᠷ ᠥᠷᠨᠢᠭᠦᠯᠵᠦ᠂ ᠺᠣᠮᠫᠢᠦ᠋ᠲ᠋ᠧᠷ ᠤᠨ ᠠᠵᠢᠯᠯᠠᠭᠴᠢ᠂ ᠴᠠᠬᠢᠯᠭᠠᠨ ᠤ ᠠᠵᠢᠯᠴᠢᠨ᠂ ᠡᠷᠡᠭᠦᠯ ᠮᠡᠨᠳᠦ ᠶᠢᠨ ᠠᠰᠠᠷᠠᠭᠴᠢ᠂  ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠮᠡᠷᠭᠡᠵᠢᠯᠲᠡᠨ᠂ ᠲᠠᠸᠠᠷ ᠡᠵᠡᠩᠨᠡᠭᠴᠢ᠂ ᠮᠢᠶᠠᠨᠪᠣᠤ ᠬᠠᠭᠰᠠᠭᠠᠬᠤ ᠵᠡᠷᠭᠡ ᠶᠢ ᠬᠠᠮᠤᠷᠪᠠ᠃ ᠣᠳᠣᠬᠠᠨ ᠳᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠨᠡᠶᠢᠲᠡ 54 ᠬᠤᠭᠤᠴᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠢ 4027 ᠬᠥᠮᠦᠨ ᠤᠳᠠᠭ᠎ᠠ ᠥᠷᠨᠢᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠪᠣᠯᠪᠠᠰᠤᠷᠠᠯ ᠢ 2569 ᠬᠥᠮᠦᠨ ᠤᠳᠠᠭ᠎ᠠ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠬᠥᠳᠡᠯᠮᠦᠷᠢᠴᠢᠨ ᠢ ᠰᠢᠯᠵᠢᠭᠦᠯᠦᠨ ᠠᠵᠢᠯ ᠣᠯᠭᠤᠭᠰᠠᠨ 667 ᠬᠥᠮᠦᠨ ᠤᠳᠠᠭ᠎ᠠ᠂ 4914 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠭᠰᠠᠨ ᠬᠥᠮᠦᠨ ᠤ ᠲᠤᠭ᠎ᠠ 4914 ᠬᠥᠮᠦᠨ ᠤᠳᠠᠭ᠎ᠠ ᠳᠤ ᠬᠦᠷᠴᠦ᠂ ᠠᠳᠠᠯ ᠠᠬᠤᠢ ᠶᠢᠨ ᠦᠢᠯᠡᠴᠢᠯᠡᠭᠡᠨ ᠤ ᠪᠣᠯᠪᠠᠰᠤᠷᠠᠭᠤᠯᠤᠯ  981 ᠬᠥᠮᠦᠨ ᠤᠳᠠᠭ᠎ᠠ ᠳᠤ ᠬᠦᠷᠴᠦ᠂ ᠴᠥᠮ ᠣᠨ ᠤ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ᠦᠢᠯᠡᠰ ᠴᠣᠭᠴᠠᠯᠠᠬᠤ ᠪᠣᠯᠪᠠᠰᠤᠷᠠᠯ ᠢ ᠢᠳᠡᠪᠬᠢᠲᠡᠶ ᠥᠷᠨᠢᠭᠦᠯᠵᠦ᠂ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠵᠣᠷᠢᠭᠲᠠᠶ ᠵᠠᠯᠠᠭᠤᠴᠤᠳ ᠲᠤ ᠦᠢᠯᠡᠰ ᠴᠣᠭᠴᠠᠯᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ᠂ ᠠᠵᠤ ᠠᠬᠤᠶ ᠶᠢᠨ ᠳᠠᠷᠤᠯᠲᠠ ᠲᠠᠢ ᠦᠢᠯᠡᠰ ᠴᠣᠭᠴᠠᠯᠠᠭᠴᠢ ᠳᠤ ᠬᠤᠪᠢ ᠬᠥᠮᠦᠨ ᠤ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠪᠤᠶᠤ ᠦᠢᠯᠡᠰ ᠴᠣᠭᠴᠠᠯᠠᠬᠤ ᠨᠥᠬᠦᠪᠥᠷᠢ ᠬᠠᠩᠭᠠᠨ᠎ᠠ᠃      ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠪᠣᠯᠤᠨ᠎ᠠ᠂ ᠵᠠᠯᠭᠠᠭᠠᠳ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠣᠯᠭᠤᠯᠲᠠ ᠶᠢᠨ ᠪᠠᠶᠢᠳᠠᠯ ᠢ ᠦᠷᠭᠦᠯᠵᠢᠯᠡᠨ ᠠᠩᠬᠠᠷᠴᠤ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠡᠰᠢᠴᠢᠯᠡᠭᠰᠡᠨ ᠠᠷᠭ᠎ᠠ ᠬᠡᠯᠪᠡᠷᠢ ᠶᠢ ᠰᠦᠪᠡᠭᠴᠢᠯᠡᠵᠦ᠂ ᠠᠵᠢᠯᠴᠢᠨ ᠡᠯᠰᠡᠬᠦ ᠪᠠ ᠤᠯᠠᠨ ᠲᠦᠮᠡᠨ ᠤ ᠬᠤᠭᠤᠷᠣᠨᠳᠣᠬᠢ ᠵᠠᠢ ᠶᠢ ᠤᠢᠢᠷᠠᠳᠤᠭᠤᠯᠵᠤ᠂ ᠬᠥᠯᠥᠰᠥᠨ ᠠᠵᠢᠯᠴᠢᠨ ᠬᠤᠶᠠᠷ ᠲᠠᠯ᠎ᠠ ᠶᠢᠨ ᠮᠡᠳᠡᠭᠡ ᠵᠠᠩᠭᠢ ᠶᠢᠨ ᠪᠠᠬᠢᠯᠡᠯᠲᠡ ᠶᠢ ᠠᠷᠢᠯᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠠᠬᠢᠭᠤᠯᠵᠤ᠂ ᠠᠵᠢᠯ ᠬᠦᠯᠢᠶᠡᠵᠦ ᠪᠠᠶᠢᠭ᠎ᠠ ᠨᠡᠩ ᠤᠯᠠᠨ ᠬᠥᠮᠦᠰ ᠲᠤ ᠢᠷᠡᠭᠡᠳᠦᠢ ᠶᠢᠨ ᠵᠠᠮ ᠢ ᠭᠡᠷᠡᠯᠳᠦᠬᠦᠯᠬᠦ ᠪᠠᠷ ᠴᠢᠷᠮᠠᠶᠢᠬᠤ ᠪᠣᠯᠤᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号