ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠬᠦᠭᠵᠢᠯᠲᠡ ᠶᠢ ᠠᠬᠢᠭᠤᠯᠬᠤ — ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢ ᠬᠥᠭᠵᠢᠭᠦᠯᠬᠦ ᠲᠤᠰᠬᠠᠶ ᠪᠣᠯᠪᠠᠰᠤᠷᠠᠯ
ᠨᠡᠶᠢᠲᠡᠯᠡᠭᠰᠡᠨ ᠴᠠᠭ᠄
2024/12/5
      ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠭᠤᠸ᠎ᠠ ᠰᠠᠶᠢᠬᠠᠨ ᠤ ᠬᠥᠮᠦᠵᠢᠯ ᠤᠨ ᠠᠵᠢᠯ ᠤᠨ ᠠᠵᠢᠯᠯᠠᠭᠠᠨ ᠤ ᠲᠥᠯᠥᠪᠯᠡᠭᠡ ︵2021 - 2025 ᠣᠨ︶︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠥᠨᠳᠥᠷ ᠬᠡᠪ ᠴᠢᠨᠠᠷ ᠲᠠᠢ ᠰᠢᠨ᠎ᠡ ᠶᠢ ᠡᠭᠦᠳᠬᠦ ᠬᠡᠯᠪᠡᠷᠢ ᠶᠢᠨ ᠤᠷᠠᠯᠢᠭ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠪᠠᠭᠰᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠪᠠ ᠬᠥᠮᠦᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠰᠤᠷᠭᠠᠭᠤᠯᠢ ᠶᠢᠨ ᠬᠤᠭᠤᠷᠣᠨᠳᠣᠬᠢ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠡᠩᠨᠡᠭᠡ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 26 ᠤ ᠡᠳᠦᠷ ᠠᠴᠠ 29 ᠤ ᠡᠳᠦᠷ ᠪᠣᠯᠲᠠᠯ᠎ᠠ᠂ ᠳᠥᠷᠪᠡᠨ ᠡᠳᠦᠷ ᠤᠨ ᠬᠤᠭᠤᠴᠠᠭ᠎ᠠ ᠲᠠᠢ ︽ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠲᠤᠰᠬᠠᠶ ᠪᠣᠯᠪᠠᠰᠤᠷᠠᠭᠤᠯᠤᠯ︾ ᠠᠮᠵᠢᠯᠲᠠ ᠲᠠᠢ ᠲᠡᠭᠦᠰᠪᠡ᠃      ᠲᠤᠰ ᠤᠳᠠᠭᠠᠨ ᠤ ᠪᠣᠯᠪᠠᠰᠤᠷᠠᠯ ᠨᠢ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠸᠠᠩ ᠬᠠᠢ ᠫᠢᠩ ᠪᠠᠭᠰᠢ᠂ ᠯᠢᠦ ᠯᠢᠶᠠᠩ ᠪᠠᠭᠰᠢ᠂ ᠰᠦᠩ ᠠᠨ ᠳ᠋ᠦᠩ ᠪᠠᠭᠰᠢ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠱᠢᠶᠠᠷᠠᠬᠤ ᠵᠢᠷᠤᠭ ᠤᠨ ᠤᠯᠠᠮᠵᠢᠯᠠᠭᠴᠢ ᠺᠠᠩ ᠭᠠᠩ ᠪᠠᠭᠰᠢ ᠶᠢ ᠣᠨᠴᠠᠭᠠᠶᠢᠯᠠᠨ ᠤᠷᠢᠵᠠᠢ᠃ ᠪᠠᠭᠰᠢ ᠨᠠᠷ ᠤᠷᠠᠨ ᠵᠢᠷᠤᠭ ᠤᠨ ᠤᠨᠤᠯ ᠤᠨ ᠮᠡᠳᠡᠯᠭᠡ᠂ ᠳᠤᠮᠳᠠᠳᠤ ᠤᠯᠤᠰ ᠤᠨ ᠵᠢᠷᠤᠭ᠂ ᠤᠷᠠᠨ ᠪᠢᠴᠢᠯᠭᠡ ᠶᠢᠨ ᠲᠡᠦᠬᠡ ᠶᠢᠨ ᠤᠨᠤᠯ ᠤᠨ ᠮᠡᠳᠡᠯᠭᠡ᠂ ᠤᠷᠠᠨ ᠪᠢᠴᠢᠯᠭᠡ ᠶᠢᠨ ᠪᠣᠳᠠᠲᠤ ᠪᠣᠯᠪᠠᠰᠤᠷᠠᠯ ᠪᠣᠯᠤᠨ ᠭᠠᠷ ᠤᠷᠠᠯᠠᠯ᠂ ᠰᠡᠳᠦᠪ ᠵᠣᠬᠢᠶᠠᠨ ᠪᠦᠲᠦᠭᠡᠬᠦ᠂ ᠪᠠᠷ ᠵᠢᠷᠤᠭ᠂ ᠺᠣᠮᠫᠢᠦ᠋ᠲ᠋ᠧᠷ ᠤᠨ ᠵᠢᠷᠤᠭ ᠵᠡᠷᠭᠡ ᠠᠭᠤᠯᠭ᠎ᠠ ᠶᠢᠨ ᠲᠤᠬᠠᠢ ᠤᠷᠠᠨ ᠵᠢᠷᠤᠭ᠂ ᠤᠷᠠᠨ ᠪᠢᠴᠢᠯᠭᠡ ᠶᠢᠨ ᠪᠠᠭᠰᠢ ᠳᠤ ᠲᠤᠰᠬᠠᠢ ᠪᠣᠯᠪᠠᠰᠤᠷᠠᠯ ᠬᠢᠵᠡᠢ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠵᠢᠶᠤᠤ ᠢ ᠬᠤᠢ ᠪᠠᠭᠰᠢ᠂ ᠳ᠋ᠢᠩ ᠰᠢᠶᠤᠤ ᠪᠢᠨ ᠪᠠᠭᠰᠢ᠂ ᠬᠤᠤ ᠵᠢᠶᠠᠨ ᠵᠢᠶᠦ᠋ᠨ ᠪᠠᠭᠰᠢ ᠪᠣᠯᠤᠨ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠱᠢ ᠵᠢᠶᠠᠨ ᠰᠢᠩ ᠲᠤᠷᠰᠢᠨ ᠳᠠᠭᠤᠯᠠᠬᠤ᠂ ᠳᠠᠭᠤᠯᠠᠬᠤ᠂ ᠬᠦᠭᠵᠢᠮᠳᠡᠵᠦ ᠳᠠᠭᠤᠯᠠᠬᠤ᠂ ᠨᠠᠶᠢᠷᠠᠯ ᠳᠠᠭᠤᠤ ᠶᠢᠨ ᠵᠢᠯᠣᠭᠤᠳᠣᠯᠭ᠎ᠠ ᠪᠣᠯᠤᠨ ᠪᠥᠵᠢᠭ ᠤᠨ ᠲᠣᠭᠯᠠᠯᠲᠠ ᠵᠢᠴᠢ ᠨᠠᠶᠢᠷᠠᠭᠤᠯᠤᠨ ᠵᠢᠭᠰᠠᠭᠠᠬᠤ ᠵᠡᠷᠭᠡ ᠠᠭᠤᠯᠭ᠎ᠠ ᠳᠤ ᠴᠢᠭᠯᠡᠭᠦᠯᠦᠨ᠂ ᠳᠠᠭᠤᠤ ᠬᠥᠭᠵᠢᠮ ᠤᠨ ᠪᠠᠭᠰᠢ ᠳᠤ ᠲᠤᠰᠬᠠᠶ ᠪᠣᠯᠪᠠᠰᠤᠷᠠᠯ ᠬᠢᠪᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠶᠢᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠭᠤᠤᠯᠳᠠᠯᠭ᠎ᠠ ᠲᠠᠢ ᠳᠡᠭᠡᠭᠰᠢᠯᠡᠭᠦᠯᠬᠦ᠂ ᠭᠤᠸ᠎ᠠ ᠰᠠᠶᠢᠬᠠᠨ ᠤ ᠬᠥᠮᠦᠵᠢᠯ ᠤᠨ ᠪᠠᠭᠰᠢ ᠳᠠᠩ ᠴᠤᠯᠭᠤᠶ ᠵᠢᠷᠤᠭ ᠵᠢᠷᠤᠬᠤ᠂ ᠳᠠᠭᠤᠤ ᠳᠠᠭᠤᠯᠠᠬᠤ᠂ ᠪᠥᠵᠢᠭ ᠪᠥᠵᠢᠭᠯᠡᠬᠦ ᠶᠢ ᠱᠠᠭᠠᠷᠳᠠᠬᠤ  ᠪᠠᠷ ᠪᠠᠷᠠᠬᠤ ᠦᠭᠡᠢ᠂ ᠪᠠᠰᠠ ᠨᠠᠩ ᠥᠨᠳᠥᠷ ᠭᠤᠸ᠎ᠠ ᠰᠠᠶᠢᠬᠠᠨ ᠤ ᠬᠡᠪ ᠨᠠᠮᠪᠠ ᠲᠠᠢ ᠪᠠᠶᠢᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠤᠮᠳᠠ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠭᠤᠸ᠎ᠠ ᠰᠠᠶᠢᠬᠠᠨ ᠢ ᠲᠠᠰᠤᠷᠠᠯᠲᠠ ᠦᠭᠡᠢ ᠢᠯᠡᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠤᠭᠴᠢᠳ ᠲᠤ ᠦᠭᠡ ᠲᠠᠭᠤᠨ ᠥᠬᠡᠶ ᠪᠣᠯᠭᠠᠬᠤ ᠳᠤᠮᠳᠠ ᠭᠤᠸ᠎ᠠ ᠰᠠᠶᠢᠬᠠᠨ ᠤ ᠨᠥᠯᠥᠭᠡ ᠦᠵᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号