ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/9
      ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 4 ᠤ ᠡᠳᠦᠷ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠭᠤᠤᠯᠳᠠᠯᠭ᠎ᠠ ᠲᠠᠢ ᠬᠡᠷᠡᠭ ᠢ ᠵᠠᠳᠠᠯᠬᠤ᠂ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠬᠤᠷᠠᠯ ᠠᠴᠠ᠂ ᠪᠦᠬᠦ ᠺᠠᠳ᠋ᠷ ᠠᠵᠢᠯᠲᠠᠨ ᠠᠵᠢᠯᠴᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠣᠳᠣᠬᠢ ᠱᠠᠲᠤᠨ ᠳᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠦᠵᠡᠵᠦ᠂ ᠬᠡᠳᠦ ᠥᠨᠳᠥᠷ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢᠶᠠᠷ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠣᠶᠢᠯᠠᠭᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠵᠣᠷᠢᠭᠲᠠᠢ ᠪᠠᠷ ᠲᠦᠷᠦᠭᠦᠯᠡᠵᠦ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃      ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠲᠠᠰᠤᠭ ᠤᠨ ᠬᠢᠨ ᠡᠷᠬᠡᠪᠰᠢ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠵᠤ᠂ ᠰᠠᠨᠠᠭᠠᠴᠢᠯᠠᠭ᠎ᠠ ᠠᠴᠠ ᠪᠠᠨ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠦᠷᠭᠦᠯᠵᠢᠯᠡᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠬᠤᠶᠠᠷ ᠲᠤ᠂ ᠰᠢᠢᠳᠪᠦᠷᠢᠯᠡᠬᠦ ᠲᠦᠷᠢᠮ ᠢ ᠲᠣᠳᠣᠷᠬᠠᠢ ᠣᠶᠢᠯᠠᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠴᠢᠩᠭ᠎ᠠ ᠡᠵᠡᠮᠳᠡᠬᠦ ᠬᠡᠷᠡᠭᠲᠡᠢ᠃ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ ᠵᠠᠷᠴᠢᠮ︾ ᠢ ᠪᠠᠷᠢᠮᠲᠠᠯᠠᠵᠦ᠂ ᠲᠤᠬᠠᠶᠢᠯᠠᠪᠠᠯ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠨᠢ ᠵᠦᠶ ᠵᠣᠬᠢᠰᠲᠠᠶ ᠪᠠᠶᠢᠪᠠᠯ ᠠᠰᠠᠭᠤᠳᠠᠯ ᠢ ᠪᠣᠳᠠᠲᠠᠶᠢᠵᠢᠭᠤᠯᠬᠤ᠂ ᠭᠤᠮᠣᠳᠠᠯ ᠱᠠᠭᠠᠷᠳᠠᠯᠭ᠎ᠠ ᠨᠢ ᠶᠣᠰᠣ ᠪᠤᠰᠤ ᠪᠠᠶᠢᠪᠠᠯ ᠦᠵᠡᠯ ᠰᠠᠨᠠᠭᠠᠨ ᠤ ᠬᠥᠮᠦᠵᠢᠯ ᠢ ᠪᠣᠳᠠᠲᠠᠶᠢᠵᠢᠭᠤᠯᠬᠤ᠂ ᠠᠮᠢᠳᠤᠷᠠᠯ ᠤᠨ ᠲᠠᠯ᠎ᠠ ᠪᠠᠷ ᠬᠦᠴᠢᠷᠲᠡᠶ ᠪᠠᠶᠢᠪᠠᠯ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠬᠤ᠂ ᠵᠠᠭᠤᠴᠢᠯᠠᠨ ᠰᠢᠨᠡᠳᠬᠡᠬᠦ ᠠᠵᠢᠯᠯᠠᠭ᠎ᠠ ᠶᠢᠨ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠬᠦ᠂ ᠨᠠᠮ ᠤᠨ ᠬᠦᠴᠢᠷ ᠵᠣᠪᠠᠭᠤᠷᠢ ᠶᠢ ᠰᠢᠢᠳᠪᠦᠷᠢᠯᠡᠬᠦ︾ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠴᠢᠩᠱᠠᠨ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠨᠢᠭᠡᠪᠦᠷᠢ ᠶᠢ ᠴᠥᠮ ᠪᠣᠳᠠᠲᠠᠢ ᠪᠣᠯᠭᠠᠵᠤ᠂ ᠬᠦᠰᠡᠯ ᠱᠠᠭᠠᠷᠳᠠᠯᠭ᠎ᠠ ᠨᠢᠭᠡᠪᠦᠷᠢ ᠶᠢ ᠴᠥᠮ ᠬᠠᠨᠤᠮᠵᠢᠲᠠᠢ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号