ᠴᠢᠩᠱᠠᠨ ᠲᠣᠭᠤᠷᠢᠭ ᠤᠨ ︽ᠰᠡᠳᠬᠢᠬᠦᠶ ᠶᠢ ᠲᠠᠶᠢᠯᠬᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠶ ᠰᠡᠳᠦᠪᠲᠦ ᠠᠵᠢᠯᠯᠠᠭ᠎ᠠ ᠶᠢ | ᠡᠬᠢᠯᠡᠭᠦᠯᠦᠭᠰᠡᠨ ᠠᠴᠠ ᠨᠠᠭᠠᠰᠢ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠠᠷᠦ᠋ᠢᠬᠠᠨ ᠴᠤᠤᠷᠢᠶᠠᠲᠤᠨ | ᠳᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠦᠵᠡᠯ ᠰᠠᠨᠠᠭᠠᠨ ᠤ ᠬᠤᠪᠢᠷᠠᠯᠲᠠ ᠪᠠᠷ ᠠᠵᠢᠯᠯᠠᠭ᠎ᠠ ᠶᠢᠨ | ᠬᠤᠪᠢᠷᠠᠯᠲᠠ ᠶᠢ ᠠᠬᠢᠭᠤᠯᠵᠤ᠂ ︽ᠰᠡᠳᠬᠢᠬᠦᠶ ᠶᠢ ᠲᠠᠶᠢᠯᠬᠤ︾ ᠶᠢ ᠢᠳᠡᠪᠬᠢᠲᠡᠢ ᠦᠢᠯᠡᠳᠦᠯᠭᠡᠵᠢᠭᠦᠯᠵᠦ᠂ ᠤᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠰᠢᠨ᠎ᠡ | ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠤᠯᠢᠵᠢᠯ ᠤᠨ ᠨᠡᠶᠢᠭᠡᠮ ᠤᠨ | ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ | ᠡᠶᠡᠳᠡᠭᠦᠯᠬᠦ ᠲᠣᠭᠲᠠᠴᠠ ᠳᠤ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠠᠷᠢᠯᠭᠠᠨ᠎ᠠ | ᠨᠢᠭᠡ ᠳᠤ ᠨᠠᠷᠢᠨ ᠪᠤᠳᠤᠯᠢᠶᠠᠨᠲᠠᠶ ᠣᠯᠠᠨ ᠶᠠᠩᠵᠤ ᠶᠢᠨ ᠵᠥᠷᠢᠴᠡᠯ ᠵᠢᠭᠤᠷᠠᠯᠳᠤᠭᠠᠨ ᠤ ᠡᠮᠦᠨ᠎ᠡ᠂ | ᠤᠯᠠᠮᠵᠢᠯᠠᠯᠲᠤ ᠰᠡᠳᠬᠢᠬᠦᠶ ᠶᠢᠨ ᠪᠣᠷᠣ ᠲᠥᠯᠥᠪ ᠠᠴᠠ ᠮᠤᠯᠲᠤᠷᠠᠵᠤ᠂ ︽ᠤᠬᠠᠭᠤᠯᠬᠤ᠂ ᠡᠶᠡᠳᠡᠭᠦᠯᠬᠦ᠂ ᠲᠤᠰᠠᠯᠠᠬᠤ᠂ | ᠲᠠᠰᠤᠯᠬᠤ᠂ ᠵᠦᠪᠯᠡᠭᠦᠯᠬᠦ᠂ ᠵᠠᠷᠭᠤ︾᠂ ︽ᠲᠤᠰᠠᠯᠠᠬᠤ ᠪᠠ ᠡᠶᠡᠳᠡᠭᠦᠯᠬᠦ ᠶᠢ ᠵᠣᠯᠭᠠᠭᠤᠯᠬᠤ︾ ︽ᠭᠤᠷᠪᠡ ᠶᠢ | ᠵᠤᠬᠢᠴᠠᠭᠤᠯᠤᠨ ᠵᠤᠯᠭᠠᠭᠤᠯᠬᠤ︾ ︽ᠳᠥᠷᠪᠡᠨ ᠭᠠᠵᠠᠷ ᠨᠢᠭᠡ ᠲᠢᠩᠬᠢᠮ︾ ᠵᠡᠷᠭᠡ ᠣᠯᠠᠨ ᠡᠰᠢᠲᠦ ᠡᠶᠡᠳᠡᠭᠦᠯᠬᠦ | ᠰᠢᠰᠲ᠋ᠧᠮ ᠢ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠵᠢᠭᠤᠷᠠᠯᠳᠤᠭᠠᠨ ᠵᠡᠷᠭᠡ 12 ᠠᠵᠢᠯ ᠲᠥᠷᠥᠯ ᠤᠨ | ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠵᠣᠬᠢᠶᠠᠨ | ᠪᠠᠶᠢᠭᠤᠯᠵᠤ᠂ ᠬᠠᠤᠯᠢᠴᠢ᠂ ᠠᠯᠪᠠᠨ ᠭᠡᠷᠡᠴᠢᠯᠡᠭᠡ᠂ ᠲᠣᠮᠢᠯᠠᠭᠰᠠᠨ ᠰᠠᠯᠪᠤᠷᠢ᠂ ᠦᠨᠳᠦᠰᠦᠨ ᠱᠠᠲᠤᠨ ᠤ ᠬᠠᠤᠯᠢ | ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠪᠠᠷ ᠵᠠᠰᠠᠬᠤ ᠤᠬᠠᠭᠤᠯᠭ᠎ᠠ ᠵᠡᠷᠭᠡ ᠡᠬᠢ | ᠪᠠᠶᠠᠯᠢᠭ ᠤᠨ ᠬᠦᠴᠦᠨ ᠢ ᠭᠦᠢᠴᠡᠳ ᠡᠮᠬᠢᠯᠡᠨ ᠨᠡᠶᠢᠯᠡᠭᠦᠯᠵᠦ᠂ ᠵᠢᠭᠤᠷᠠᠯᠳᠤᠭᠠᠨ ᠢ ᠨᠢᠭᠡ ᠥᠷᠲᠡᠭᠡ ᠪᠠᠷ | ᠰᠢᠢᠳᠪᠦᠷᠢᠯᠡᠬᠦ ᠶᠢ ᠠᠬᠢᠭᠤᠯᠪᠠ᠃ ᠬᠤᠶᠠᠷ ᠲᠤ᠂ ᠰᠦᠯᠵᠢᠶᠡᠨ ᠤ ᠠᠵᠢᠯᠲᠠᠨ ᠠᠷᠠᠳ ᠤᠨ ᠡᠶᠡᠳᠡᠭᠦᠯᠦᠭᠴᠢ ᠶᠢᠨ | ᠲᠤᠰᠢᠶᠠᠯ ᠬᠠᠪᠰᠤᠷᠭᠠᠭᠰᠠᠨ ᠰᠠᠭᠤᠷᠢᠨ ᠳᠡᠭᠡᠷ᠎ᠡ᠂ ᠨᠢᠭᠡ ᠪᠦᠯᠦᠭ ︽ᠨᠤᠲᠤᠭ ᠤᠨ ᠠᠶᠠᠯᠭᠤ ᠶᠢ ᠣᠶᠢᠯᠠᠭᠠᠬᠤ᠂ | ᠠᠷᠠᠳ ᠤᠨ ᠰᠠᠨᠠᠭ᠎ᠠ ᠶᠢ ᠣᠶᠢᠯᠠᠭᠠᠬᠤ᠂ ᠨᠡᠶᠢᠲᠡ ᠶᠢᠨ ᠢᠲᠡᠭᠡᠯ ᠲᠠᠢ ᠪᠠᠶᠢᠬᠤ᠂ ᠬᠠᠤᠯᠢ ᠴᠠᠭᠠᠵᠠ ᠶᠢ | ᠨᠠᠷᠢᠯᠢᠬᠵᠢᠭᠤᠯᠬᠤ︾ ᠲᠤᠰᠬᠠᠢ ᠲᠤᠰᠢᠶᠠᠯᠲᠤ ᠠᠷᠠᠳ ᠤᠨ ᠡᠶᠡᠳᠡᠭᠦᠯᠦᠭᠴᠢ ᠶᠢ ᠰᠣᠩᠭᠤᠨ ᠤᠷᠢᠵᠤ᠂ ︽ᠲᠤᠰᠬᠠᠢ | ᠠᠵᠢᠯᠯᠠᠬᠤ︾᠂ ︽ᠲᠤᠰᠢᠶᠠᠯ ᠬᠠᠪᠰᠤᠷᠭᠠᠬᠤ︾ ᠡᠶᠡᠳᠡᠭᠦᠯᠦᠭᠴᠢ ᠶᠢᠨ ᠡᠩᠨᠡᠭᠡ ᠶᠢᠨ ᠰᠢᠰᠲ᠋ᠧᠮ ᠢ ᠪᠠᠶᠢᠭᠤᠯᠬᠤ ᠶᠢᠨ | ᠬᠠᠮᠲᠤ ︽ᠠᠷᠠᠳ ᠤᠨ ᠡᠶᠡᠳᠡᠭᠦᠯᠦᠭᠴᠢ︾ ︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠪᠣᠯᠪᠠᠰᠤᠷᠠᠯ ᠢ ᠥᠷᠨᠢᠭᠦᠯᠬᠦ | ᠪᠠᠷ ᠳᠠᠮᠵᠢᠭᠤᠯᠤᠨ᠂ ᠡᠶᠡᠳᠡᠭᠦᠯᠦᠭᠴᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠬᠤᠪᠢᠷᠠᠭᠤᠯᠬᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ᠂ ᠪᠥᠬᠦ ᠲᠤᠭᠤᠷᠢᠭ ᠲᠤ ᠨᠡᠶᠢᠲᠡ 9815 | ᠵᠢᠭᠤᠷᠠᠯᠳᠤᠭᠠᠨ ᠢ ᠡᠶᠡᠳᠡᠭᠦᠯᠵᠦ᠂ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ ᠨᠢ 98.1% ᠳᠤ ᠬᠥᠷᠪᠡ᠃ | ᠳᠠᠬᠢᠨ ᠵᠥᠪᠯᠡᠬᠦ ᠬᠡᠯᠪᠡᠷᠢ ᠶᠢ ᠰᠢᠨᠡᠴᠢᠯᠡᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠨ᠎ᠡ | ᠨᠢᠭᠡ ᠳᠤ᠂ ᠪᠥᠬᠦ ᠬᠤᠲᠠ ᠳᠤ ᠵᠠᠰᠠᠭ ᠵᠠᠬᠢᠷᠭᠠᠨ ᠤ ᠳᠠᠬᠢᠨ ᠵᠥᠪᠯᠡᠵᠦ ᠰᠢᠢᠳᠪᠦᠷᠢᠯᠡᠬᠦ ᠰᠢᠨ᠎ᠡ ᠠᠷᠭ᠎ᠠ ᠵᠠᠮ ᠢ | ᠰᠢᠨ᠎ᠡ ᠪᠠᠷ ᠡᠭᠦᠳᠦᠨ ᠭᠠᠷᠭᠠᠵᠤ᠂ ︽ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ | ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠢᠳᠪᠦᠷᠢᠯᠡᠬᠦ ᠠᠵᠢᠯ ᠤᠨ ᠲᠦᠷᠢᠮ︾ ᠢ ᠲᠣᠭᠲᠠᠭᠠᠵᠤ᠂ ᠲᠣᠪᠴᠢᠶ᠎ᠠ ᠶᠢᠨ | ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ ᠠᠵᠢᠯᠲᠠᠨ ᠢ | ᠪᠦᠬᠦᠨ ᠢ ᠵᠠᠰᠠᠭ ᠵᠠᠬᠢᠷᠭᠠᠨ ᠤ ᠳᠠᠬᠢᠨ ᠵᠥᠪᠯᠡᠬᠦ ᠡᠩᠨᠡᠭᠡ ᠳᠤ ᠣᠷᠣᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠬᠡᠷᠡᠭ ᠢ ᠰᠢᠢᠳᠪᠦᠷᠢᠯᠡᠬᠦ ᠳᠤ ᠣᠷᠣᠯᠴᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ︽ᠬᠡᠷᠡᠭ ᠨᠢ ᠣᠯᠠᠨ ᠬᠥᠮᠦᠨ | ᠴᠥᠭᠡᠨ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠬᠤᠶᠠᠷ ᠲᠤ᠂ ᠬᠠᠤᠯᠢ ᠴᠠᠭᠠᠵᠠ ᠶᠢᠨ | ᠵᠥᠪᠯᠡᠭᠴᠢ ᠶᠢ ᠣᠷᠣᠭᠤᠯᠤᠨ ᠠᠪᠴᠢᠷᠠᠵᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠢᠳᠪᠦᠷᠢᠯᠡᠬᠦ ᠳᠤ | ᠣᠷᠣᠯᠴᠠᠭᠤᠯᠵᠤ᠂ ᠬᠠᠤᠯᠢ ᠴᠠᠭᠠᠵᠠ ᠶᠢᠨ ᠬᠦᠴᠢᠷ ᠲᠦᠪᠡᠭᠲᠡᠶ ᠠᠰᠠᠭᠤᠳᠠᠯ ᠤᠨ ᠵᠥᠪᠯᠡᠯᠭᠡ ᠬᠠᠩᠭᠠᠵᠤ᠂ ᠵᠠᠰᠠᠭ | ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠶ ᠪᠠᠷ ᠰᠢᠢᠳᠪᠦᠷᠢᠯᠡᠬᠦ ᠲᠤᠬᠠᠶ ᠰᠠᠨᠠᠯ ᠢᠶᠠᠨ ᠢᠯᠡᠳᠬᠡᠵᠦ᠂ ᠬᠠᠤᠯᠢ | ᠴᠠᠭᠠᠵᠠ ᠶᠢᠨ ᠰᠠᠨᠠᠯ ᠤᠨ ᠪᠢᠴᠢᠭ ᠭᠠᠷᠭᠠᠪᠠ᠃ ᠡᠭᠦᠨ ᠤ ᠬᠠᠮᠲᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ | ᠡᠶᠡᠳᠡᠭᠦᠯᠬᠦ ᠳᠤ ᠣᠶᠤᠨ ᠤ ᠲᠤᠯᠭᠠᠭᠤᠷᠢᠯᠠᠯ ᠬᠠᠩᠭᠠᠵᠤ᠂ ᠬᠡᠷᠡᠭ ᠰᠢᠢᠳᠪᠦᠷᠢᠯᠡᠬᠦ ᠡᠬᠢ ᠪᠠᠶᠠᠯᠢᠭ ᠪᠠ ᠨᠡᠶᠢᠭᠡᠮ ᠤᠨ | ᠥᠪᠡᠷ ᠤᠨ ᠥᠷᠲᠡᠭ ᠢ ᠬᠦᠴᠦᠲᠡᠢ ᠠᠷᠪᠢᠯᠠᠪᠠ᠃ ᠡᠨᠡ ᠵᠢᠯ ᠠᠴᠠ ᠨᠠᠭᠠᠰᠢ᠂ ᠡᠶᠡᠳᠡᠭᠦᠯᠭᠡ ᠪᠠᠷ ᠳᠠᠬᠢᠨ ᠵᠥᠪᠯᠡᠬᠦ ᠶᠢ | ᠵᠣᠭᠰᠣᠭᠠᠭᠰᠠᠨ ᠬᠡᠷᠡᠭ 44 ᠬᠤᠪᠢ ᠪᠠᠶᠢᠵᠤ᠂ ᠡᠶᠡᠳᠡᠭᠦᠯᠦᠭᠡᠳ ᠠᠮᠵᠢᠯᠲᠠ ᠣᠯᠤᠭᠰᠠᠨ ᠨᠣᠷᠮ᠎ᠠ 100 % ᠳᠤ | ᠬᠦᠷᠪᠡ᠃ | ᠬᠠᠤᠯᠢ ᠴᠠᠭᠠᠵᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ | ᠬᠦᠴᠦᠨ ᠨᠡᠮᠡᠷᠢᠯᠡᠨ᠎ᠡ | ᠨᠢᠭᠡ ᠳᠤ᠂ ᠵᠢᠵᠢᠭ ᠪᠢᠴᠢᠯ ᠠᠵᠤ ᠠᠬᠤᠶᠢᠯᠠᠯ ᠤᠨ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠲᠤᠰᠬᠠᠶ | ᠬᠠᠤᠯᠢᠴᠢ ᠶᠢᠨ ᠠᠵᠢᠯ ᠳᠤ ᠰᠠᠭᠤᠵᠤ ᠵᠢᠵᠢᠭ ᠪᠢᠴᠢᠯ ᠠᠵᠤ ᠠᠬᠤᠶᠢᠯᠠᠯ ᠳᠤ ᠰᠦᠢᠳᠭᠡᠯ ᠬᠤᠷᠢᠶᠠᠬᠤ ᠥᠬᠡᠶ ᠪᠠᠷ | ᠬᠠᠤᠯᠢ ᠴᠠᠭᠠᠵᠠ ᠶᠢᠨ ᠵᠥᠪᠯᠡᠯᠭᠡ ᠥᠭᠬᠦ ᠠᠵᠢᠯ ᠢ ᠬᠠᠷᠢᠭᠤᠯᠪᠠ᠃ ︽ᠲᠦᠮᠡᠨ ᠭᠠᠵᠠᠷ ᠲᠦᠮᠡᠨ ᠬᠤᠷᠠᠯ | ᠬᠤᠯᠪᠣᠭᠠᠯᠠᠭᠰᠠᠨ︾ ᠵᠢᠴᠢ ᠬᠠᠤᠯᠢ ᠴᠠᠭᠠᠵᠠ ᠶᠢᠨ ᠦᠢᠯᠡᠴᠢᠯᠡᠭᠡᠨ ᠤ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠲᠤᠷᠰᠢᠯᠭ᠎ᠠ ᠰᠣᠯᠢᠯᠴᠠᠬᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠤᠯᠢᠴᠢ᠂ ᠠᠯᠪᠠᠨ | ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠬᠢᠬᠦ ᠵᠡᠷᠭᠡ ᠬᠠᠤᠯᠢ | ᠴᠠᠭᠠᠵᠠ ᠶᠢᠨ ᠬᠦᠴᠦᠨ ᠢ ᠭᠦᠨᠵᠡᠭᠡᠶ ᠠᠭᠤᠰᠤᠯᠴᠠᠭᠤᠯᠵᠤ᠂ ᠪᠥᠬᠦ ᠲᠠᠯ᠎ᠠ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ | ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃ ᠬᠤᠶᠠᠷ ᠲᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠤᠯᠢᠴᠢ ᠶᠢᠨ ᠪᠦᠯᠬᠦᠮ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠳᠤ | ᠭᠦᠨᠵᠡᠭᠡᠶᠢᠷᠡᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾᠂ ︽ᠠᠰᠠᠭᠤᠨ ᠣᠨᠣᠰᠢᠯᠠᠵᠤ ᠰᠤᠳᠠᠯ ᠪᠠᠷᠢᠬᠤ︾ | ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ᠂ ᠭᠡᠷ᠎ᠡ | ᠲᠣᠭᠲᠠᠬᠤ᠂ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ | ᠠᠶᠤᠯ ᠲᠦᠭᠰᠢᠭᠦᠷᠢ ᠳᠤ ᠴᠢᠭᠯᠡᠭᠦᠯᠦᠨ᠂ ᠬᠠᠤᠯᠢ ᠲᠦᠭᠡᠮᠡᠯᠵᠢᠭᠦᠯᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ | ᠣᠨᠣᠪᠴᠢᠲᠠᠢ ᠤᠬᠠᠭᠤᠯᠬᠤ ᠪᠠ ᠠᠷᠢᠯᠭᠠᠬᠤ ᠲᠤᠬᠠᠢ ᠰᠠᠨᠠᠯ ᠰᠠᠨᠠᠭᠤᠯᠭ᠎ᠠ ᠬᠠᠩᠭᠠᠪᠠ᠃ ᠡᠨᠡ ᠵᠢᠯ ᠠᠴᠠ ᠨᠠᠭᠠᠰᠢ᠂ | ᠬᠠᠤᠯᠢ ᠴᠠᠭᠠᠵᠠ ᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ 16 ᠤᠳᠠᠭ᠎ᠠ | ᠥᠷᠨᠢᠭᠦᠯᠵᠦ᠂ ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ 40 ᠭᠠᠷᠤᠶ ᠬᠤᠪᠢ ᠭᠠᠷᠭᠠᠵᠤ᠂ | 300 ᠭᠠᠷᠤᠶ ᠬᠠᠤᠯᠢ ᠴᠠᠭᠠᠵᠠ ᠶᠢᠨ ᠰᠠᠨᠠᠯ ᠳᠤᠷᠠᠳᠪᠠ᠃ | ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠪᠦᠬᠦ ᠠᠷᠠᠳ ᠤᠨ ᠤᠬᠠᠮᠰᠠᠷ ᠢ ᠳᠡᠭᠡᠭᠰᠢᠯᠡᠭᠦᠯᠦᠨ᠎ᠡ | ᠨᠢᠭᠡ ᠳᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ | ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠴᠤᠤᠷᠢᠶ᠎ᠠ᠂ ᠷᠠᠳᠢᠣ᠋ ᠨᠡᠪᠲᠡᠷᠡᠭᠦᠯᠭᠡ ᠵᠡᠷᠭᠡ ᠰᠢᠨ᠎ᠡ ᠵᠠᠭᠤᠴᠢᠯᠠᠭᠤᠷ ᠤᠨ | ᠲᠠᠪᠴᠠᠩ ᠢ ᠠᠰᠢᠭᠯᠠᠨ ᠬᠠᠤᠯᠢ ᠪᠠᠷ ᠵᠠᠰᠠᠬᠤ ᠰᠢᠷᠢᠰ ᠣᠬᠤᠷ ᠸᠢᠳᠢᠣ᠋᠂ ᠬᠠᠤᠯᠢ ᠲᠦᠭᠡᠮᠡᠯᠵᠢᠭᠦᠯᠬᠦ ᠲᠠᠶᠢᠯᠤᠮᠵᠢ | ᠵᠡᠷᠭᠡ ᠶᠢ ᠦᠢᠯᠡᠳᠴᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠬᠠᠤᠯᠢ | ᠴᠠᠭᠠᠵᠠ ᠶᠢᠨ ᠮᠡᠳᠡᠯᠭᠡ ᠶᠢ ᠤᠯᠠᠮᠵᠢᠯᠠᠪᠠ᠃ ᠡᠭᠦᠨ ᠤ ᠬᠠᠮᠲᠤ᠂ ᠴᠢᠩᠱᠠᠨ ᠲᠣᠭᠤᠷᠢᠭ ᠤᠨ ᠡᠯ᠎ᠡ ᠵᠡᠭᠡᠯᠢ | ᠪᠠᠯᠭᠠᠰᠤᠨ ᠳᠤ ᠬᠠᠤᠯᠢ ᠪᠠᠷ ᠵᠠᠰᠠᠬᠤ ᠰᠣᠶᠣᠯ ᠤᠨ ᠪᠤᠳᠤᠭᠲᠤ ᠵᠢᠷᠤᠭ ᠤᠨ ᠬᠡᠷᠡᠮ ᠢ ᠨᠡᠶᠢᠲᠡ 608 ᠭᠠᠷᠤᠶ ᠲᠡᠭᠰᠢ | ᠳᠥᠷᠪᠡᠯᠵᠢᠨ ᠮᠧᠲᠷ ᠵᠢᠷᠤᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠭᠤᠯᠭ᠎ᠠ ᠶᠢ ᠡᠭᠦᠨ ᠳᠤ ᠠᠭᠤᠰᠬᠠᠨ | ᠣᠷᠣᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠦᠵᠡᠯᠲᠡ ᠶᠢ ᠪᠣᠶ | ᠪᠣᠯᠭᠠᠪᠠ᠃ ᠬᠤᠶᠠᠷ ᠲᠤ᠂ ᠴᠢᠬᠤᠯᠠ ᠴᠠᠭ ᠬᠤᠭᠤᠴᠠᠭ᠎ᠠ ᠲᠠᠢ ᠤᠶᠠᠯᠳᠤᠭᠤᠯᠤᠨ᠂ ︽ᠬᠠᠤᠯᠢ ᠴᠠᠭᠠᠵᠠ ᠶᠢ ᠨᠡᠶᠢᠭᠡᠮ | ᠲᠣᠭᠤᠷᠢᠭ ᠲᠤ ᠣᠷᠣᠭᠤᠯᠬᠤ︾᠂ ︽ᠬᠠᠤᠯᠢ ᠴᠠᠭᠠᠵᠠ ᠶᠢ ᠬᠦᠳᠡᠭᠡ ᠲᠣᠰᠬᠤᠨ ᠳᠤ ᠬᠦᠷᠭᠡᠬᠦ︾ ᠵᠡᠷᠭᠡ ᠭᠤᠤᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠤᠰᠬᠠᠶ ᠰᠡᠳᠦᠪᠲᠦ ᠲᠠᠶᠢᠯᠤᠮᠵᠢ᠂ ᠬᠠᠤᠯᠢ | ᠴᠠᠭᠠᠵᠠ ᠶᠢᠨ ᠯᠠᠪᠯᠠᠭ᠎ᠠ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ | ᠲᠦᠮᠡᠨ ᠤ ᠣᠷᠣᠯᠴᠠᠬᠤ ᠬᠡᠮᠵᠢᠶ᠎ᠡ ᠪᠠ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ᠂ ᠡᠯ᠎ᠡ | ᠲᠥᠷᠥᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ 400 ᠭᠠᠷᠤᠶ ᠲᠠᠯᠠᠪᠤᠷ ᠤᠳᠠᠭ᠎ᠠ | ᠥᠷᠨᠢᠭᠦᠯᠵᠦ᠂ 1.5 ᠲᠦᠮᠡ ᠭᠠᠷᠤᠶ ᠬᠥᠮᠦᠨ ᠤᠳᠠᠭ᠎ᠠ ᠳᠤ ᠬᠠᠮᠤᠷᠴᠤ᠂ ᠪᠥᠬᠦ ᠠᠷᠠᠳ ᠤᠨ ᠬᠠᠤᠯᠢ ᠪᠠᠷ ᠵᠠᠰᠠᠬᠤ | ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ 2024 ᠣᠨ ᠳᠤ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ | ᠬᠠᠤᠯᠢ ᠪᠠᠷ ᠲᠤᠭᠤᠷᠢᠭ ᠢᠶᠠᠨ ᠵᠠᠰᠠᠬᠤ ᠠᠯᠪᠠᠨ ᠭᠡᠷ ︽ᠪᠥᠬᠦ ᠤᠯᠤᠰ ᠤᠨ ︿ᠨᠠᠢᠮᠠᠳᠤᠭᠠᠷ ᠲᠠᠪᠤᠨ ᠵᠢᠯ﹀ ᠤᠨ ᠬᠠᠤᠯᠢ | ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠢᠯᠡᠷᠡᠯ ᠲᠣᠪᠤᠶᠢᠮ᠎ᠠ ᠨᠢᠭᠡᠴᠢ︾ ᠶᠢᠨ ᠢᠷᠠᠭᠤ ᠠᠯᠳᠠᠷ ᠢ ᠬᠦᠷᠲᠡᠪᠡ᠃ | | | | | | |