ᠵᠤᠤ ᠵᠢᠶᠠᠨ ᠭᠠᠩ    ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ
ᠨᠡᠶᠢᠲᠡᠯᠡᠭᠰᠡᠨ ᠴᠠᠭ᠄
2024/2/1
      ᠡᠷᠡᠭᠲᠡᠢ᠂ ᠬᠢᠲᠠᠳ ᠦᠨᠳᠦᠰᠦᠲᠡᠨ᠂ 1975 ᠣᠨ ᠤ 4 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠬᠥᠬᠡᠬᠤᠲᠠ ᠶᠢᠨ ᠬᠥᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠪᠡᠭᠡᠵᠢᠩ ᠶᠡᠭᠡ ᠰᠤᠷᠭᠠᠭᠤᠯᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠦ᠂ ᠠᠵᠢᠯ ᠤᠨ ᠪᠠᠶᠢᠷᠢ ᠳᠡᠭᠡᠷᠡᠬᠢ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠤᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠪᠢᠳᠠᠨ ᠬᠠᠮᠢᠶᠠᠷᠬᠤ᠄ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠲᠤᠭᠤᠷᠢᠭ ᠤᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠲᠤᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ︶᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠲᠤᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ︶᠂ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠃ ᠲᠤᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠢᠩᠱᠠᠨ ᠪᠠᠶᠢᠴᠠᠭᠠᠯᠲᠠ ᠶᠢᠨ ᠠᠩᠭᠢ᠂ ᠲᠤᠭᠤᠷᠢᠭ ᠲᠤ ᠰᠠᠭᠤᠭ᠎ᠠ ᠡᠯ᠎ᠡ ᠮᠥᠩᠭᠦᠨ ᠭᠦᠢᠯᠭᠡᠭᠡ ᠳᠠᠭᠠᠳᠬᠠᠯ ᠤᠨ ᠲᠡᠮᠳᠡᠭᠲᠦ ᠶᠢᠨ ᠪᠠᠶᠢᠭᠤᠯᠭ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号