ᠯᠢ ᠶᠦᠩ ᠭᠠᠩ    ᠲᠣᠭᠤᠷᠢᠭ ᠤᠨ ᠳᠡᠳ᠋ ᠳᠠᠷᠤᠭ᠎ᠠ
ᠨᠡᠶᠢᠲᠡᠯᠡᠭᠰᠡᠨ ᠴᠠᠭ᠄
2024/2/1
      ᠡᠷᠡᠭᠲᠡᠢ᠂ ᠬᠢᠲᠠᠳ ᠦᠨᠳᠦᠰᠦᠲᠡᠨ᠂ 1976 ᠣᠨ ᠤ 2 ᠰᠠᠷ᠎ᠠ ᠳᠤ ᠲᠦᠷᠦᠵᠠᠢ᠂ ᠮᠤᠵᠢ ︵ᠣᠷᠣᠨ᠂ ᠬᠤᠳᠠ︶ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠲᠣᠭᠤᠷᠢᠭ ᠤᠨ ᠳᠠᠷᠤᠭ᠎ᠠ ᠶᠢ ᠬᠠᠮᠵᠢᠨ ᠬᠤᠷᠠᠯ ᠦᠵᠡᠰᠬᠦᠯᠡᠩ ᠤᠨ ᠠᠵᠤ ᠠᠬᠤᠢ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠥᠳᠡᠭᠡ ᠲᠣᠰᠬᠤᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ ᠤᠢ ᠰᠢᠭᠤᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃     ᠬᠤᠪᠢᠳᠠᠨ ᠬᠠᠮᠢᠶᠠᠷᠬᠤ᠄ ᠪᠤᠭᠤᠲᠤ ᠬᠤᠲᠠ ᠶᠢᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ᠂ ᠴᠢᠩ ᠹᠦ᠋ ᠪᠠᠯᠭᠠᠰᠤ᠂ ᠰᠢᠩ ᠱᠧᠩ ᠪᠠᠯᠭᠠᠰᠤ᠃     ᠬᠠᠷᠢᠯᠴᠠᠬᠤ ᠨᠢ᠄ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠲᠤᠭᠤᠷᠢᠭ ᠤᠨ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠠᠵᠢᠯ ᠤᠨ ᠵᠦᠪᠯᠡᠯ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号