ᠬᠦᠷ ᠨᠠᠷᠬᠢᠶᠠᠨ ᠲᠠᠢ ᠴᠠᠭᠠᠨ ᠰᠠᠷ᠎ᠠ
ᠨᠡᠶᠢᠲᠡᠯᠡᠭᠰᠡᠨ ᠴᠠᠭ᠄
2024/2/18
      ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ ᠤ ᠨᠠᠷᠠᠨ ᠶᠠᠪᠠᠭᠠᠨ ᠵᠡᠭᠡᠯᠢ ᠳᠤ᠂ ᠬᠠᠷᠠᠩᠭ᠎ᠠ ᠬᠡᠩᠭᠡᠷᠭᠡ ᠨᠢᠵᠢᠭᠢᠨᠡᠵᠦ᠂ ᠬᠦᠷ ᠬᠥᠭᠵᠢᠶᠡᠨ ᠢᠶᠠᠷ ᠪᠢᠯᠬᠠᠵᠤ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠦᠨᠳᠡᠯᠡᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠬᠢᠯᠡᠭᠰᠡᠨ ︽ᠪᠠᠶᠠᠷ ᠪᠠᠶᠠᠰᠬᠤᠯᠠᠩ ᠲᠠᠢ ᠪᠠᠷ ᠴᠠᠭᠠᠨ ᠰᠠᠷ᠎ᠠ ᠢᠶᠠᠨ ᠪᠡᠯᠭᠡᠯᠡᠶ᠎ᠡ︾ ᠪᠤᠭᠤᠲᠤ ᠬᠤᠳᠠ ᠶᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠭᠤᠣᠯ ᠬᠤᠳᠠ ᠲᠣᠭᠤᠷᠢᠭ ᠤᠨ ᠵᠤᠭ᠎ᠠ ᠴᠡᠩᠭᠡᠯ ᠤᠨ ᠲᠣᠭᠯᠠᠯᠲᠠ ᠭᠤᠶᠢᠳᠠ ᠰᠠᠶᠢᠬᠠᠨ ᠲᠣᠭᠯᠠᠪᠠ᠃       ᠬᠠᠷᠠᠩᠭ᠎ᠠ ᠬᠡᠩᠭᠡᠷᠭᠡ ᠶᠢᠨ ᠲᠠᠭᠤᠨ  ᠢ ᠳᠠᠭᠠᠯᠳᠤᠨ᠂ ᠥᠯᠵᠡᠶᠢᠲᠦ ᠠᠷᠰᠯᠠᠨ ᠪᠡᠯᠭᠡᠲᠦ ᠴᠠᠭᠠᠨ ᠰᠠᠷ᠎ᠠ ᠪᠠᠨ ᠪᠡᠯᠭᠡᠯᠡᠵᠦ᠂ ᠶᠠᠩᠭᠠᠷ ᠪᠥᠵᠢᠭᠯᠡᠨ ᠨᠠᠶᠢᠷᠠᠯᠳᠤᠵᠤ᠂ ᠭᠤᠶᠢᠳᠠ ᠰᠠᠶᠢᠬᠠᠨ ᠲᠣᠭᠯᠠᠯᠲᠠ ᠪᠠᠨ ᠡᠭᠡᠯᠵᠢᠯᠡᠨ ᠲᠣᠭᠯᠠᠵᠤ᠂ ᠠᠷᠠᠳ ‍ᠤᠨ‌ᠤᠯᠠᠮᠵᠢᠯᠠᠯᠲᠤ ᠵᠠᠩ ᠦᠶᠯᠡ ᠶᠢᠨ ᠵᠢᠯ ᠤᠨ ᠪᠠᠶᠠᠷ ᠤᠨ ᠡᠳᠦᠷ ᠤᠨ ᠠᠭᠤᠷ ᠠᠮᠢᠰᠬᠤᠯ  ᠢ ᠪᠣᠶ ᠪᠣᠯᠭᠠᠵᠤ᠂ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠥᠨᠢᠷ ᠥᠳᠬᠡᠨ ︽ᠰᠢᠨ᠎ᠡ ᠵᠢᠯ ᠤᠨ ᠦᠨᠦᠷ ᠠᠮᠲᠠ︾  ᠶᠢ ᠮᠡᠳᠡᠷᠡᠭᠦᠯᠵᠦ᠂ ᠬᠥᠷ ᠬᠥᠭᠵᠢᠶᠡᠨ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠬᠥᠮᠥᠨ ᠪᠦᠬᠦᠨ ᠤ ᠳᠡᠷᠭᠡᠳᠡ ᠠᠪᠴᠢᠷᠠᠭᠰᠠᠨ ᠪᠠᠶᠢᠨ᠎ᠠ᠃       ᠬᠠᠷᠠᠩᠭ᠎ᠠ ᠬᠡᠩᠭᠡᠷᠭᠡ  ᠶᠢᠨ ᠲᠠᠭᠤᠨ ᠤ ᠳᠤᠮᠳᠠ ᠰᠦᠷ ᠵᠢᠪᠬᠤᠯᠠᠩᠲᠠᠢ ᠠᠷᠰᠯᠠᠨ ᠪᠥᠵᠢᠭᠯᠡᠭᠴᠢ ᠠᠩᠭᠢ᠂ ᠶᠠᠩᠭᠠᠷ ᠪᠥᠵᠢᠭᠯᠡᠭᠴᠢ ᠠᠩᠭᠢ ᠵᠠᠯᠭᠠᠭ᠎ᠠ ᠵᠠᠯᠭᠠᠭ᠎ᠠ ᠪᠠᠷ ᠲᠠᠶᠢᠰᠠᠨ ᠳᠤ ᠭᠠᠷᠴᠤ᠂ ︽ᠲᠣᠮᠣ ᠲᠣᠯᠣᠭᠠᠶᠢᠲᠤ ᠬᠡᠦᠬᠡᠳ︾ ︽ᠡᠯᠵᠢᠭᠡ︾ ︽ᠲᠠᠷᠭᠤᠨ ᠡᠮᠡᠭᠡᠨ︾ ᠵᠡᠷᠭᠡ ᠠᠯᠢ ᠣᠯᠠᠨ ᠰᠣᠩᠭᠤᠳᠠᠭ ᠲᠣᠭᠯᠠᠭᠴᠢᠳ ᠵᠠᠯᠭᠠᠭ᠎ᠠ ᠵᠠᠯᠭᠠᠭ᠎ᠠ ᠪᠠᠷ ᠣᠯᠠᠨ ᠤ ᠡᠮᠦᠨ᠎ᠡ ᠲᠣᠳᠣᠷᠠᠵᠤ᠂ ᠳᠦᠷᠢ ᠪᠠᠶᠢᠳᠠᠯ ᠨᠢ ᠮᠠᠰᠢ ᠣᠯᠠᠨ ᠪᠠᠶᠢᠨ᠎ᠠ᠃ ᠲᠣᠭᠯᠠᠭᠴᠢᠳ ᠲᠡᠷᠢ ᠲᠡᠭᠰᠢ ᠬᠡᠩᠭᠡᠷᠭᠡ ᠶᠢᠨ ᠲᠠᠭᠤᠨ ᠳᠤ ᠠᠯᠠᠭ᠎ᠠ ᠲᠠᠰᠢᠬᠤ ᠲᠠᠭᠤᠨ ᠨᠢᠵᠢᠭᠢᠨᠡᠲᠡᠯ᠎ᠡ ᠳᠠᠭᠤᠷᠢᠰᠴᠤ᠂ ᠲᠤᠬᠠᠢ ᠶᠢᠨ ᠲᠠᠯᠠᠪᠠᠢ ᠳᠤ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠵᠤ᠂ ᠪᠠᠶᠠᠷ ᠪᠠᠶᠠᠰᠤᠯ ᠤᠨ ᠰᠡᠳᠬᠢᠯᠭᠡ ᠪᠠᠷ ᠪᠢᠯᠬᠠᠵᠤ᠂ ᠦᠵᠡᠭᠴᠢᠳ ᠪᠠᠶᠠᠷ ᠤᠨ ᠲᠠᠭᠤᠨ ᠢᠶᠠᠷ ᠴᠤᠤᠷᠢᠶᠠᠲᠤᠵᠤ᠂ ᠲᠤᠬᠠᠢ ᠶᠢᠨ ᠲᠠᠯᠠᠪᠠᠢ ᠳᠤ ᠪᠠᠶᠠᠷ ᠪᠠᠶᠠᠰᠬᠤᠯᠠᠩ ᠢᠶᠠᠷ ᠪᠢᠯᠬᠠᠵᠤ᠂ ᠪᠠᠶᠠᠷ ᠳᠤᠷᠠᠰᠬᠠᠯ ᠤᠨ ᠡᠳᠦᠷ ᠤᠨ ᠦᠵᠡᠮᠵᠢ ᠶᠢ ᠬᠦᠷ ᠬᠥᠭᠵᠢᠶᠡᠨ ᠲᠠᠢ ᠬᠠᠷᠠᠭᠤᠯᠪᠠ᠃       ᠡᠭᠦᠨ ᠠᠴᠠ ᠭᠠᠳᠠᠨ᠎ᠠ᠂ ᠴᠢᠩᠱᠠᠨ ᠲᠣᠭᠤᠷᠢᠭ ᠤᠨ ᠵᠤᠭ᠎ᠠ ᠴᠡᠩᠭᠡᠯ ᠤᠨ ᠠᠵᠢᠯᠯᠠᠭ᠎ᠠ ᠶᠢ ᠵᠢᠯ ᠤᠨ ᠰᠢᠨ᠎ᠡ ᠶᠢᠨ ᠲᠤᠯᠤᠭᠠᠨ᠂ ᠰᠢᠨ᠎ᠡ ᠶᠢᠨ ᠨᠠᠢᠮᠠᠨ᠂ ᠰᠢᠨ᠎ᠡ ᠶᠢᠨ ᠠᠷᠪᠠᠨ᠂ ᠴᠠᠭᠠᠨ ᠰᠠᠷ᠎ᠠ ᠶᠢᠨ ᠠᠷᠪᠠᠨ ᠬᠤᠶᠠᠷ᠂ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠪᠦᠷᠢ ᠶᠢᠨ ᠦᠳᠡ ᠶᠢᠨ ᠬᠤᠶᠢᠨᠠᠬᠢ 3᠄ 00 ᠴᠠᠭ ᠲᠤ ᠨᠠᠷᠠᠨ ᠶᠠᠪᠠᠭᠠᠨ ᠵᠡᠭᠡᠯᠢ ᠳᠤ ᠣᠯᠠᠨ ᠲᠦᠮᠡᠨ ᠤ ᠤᠷᠮ᠎ᠠ ᠵᠣᠷᠢᠭ ᠢ ᠬᠥᠭᠵᠢᠭᠡᠵᠦ᠂ ᠰᠣᠶᠣᠯ ᠤᠨ ᠦᠪᠡᠳᠡᠭᠰᠢ ᠨᠠᠶᠢᠷ ᠢ ᠬᠠᠮᠲᠤ ᠪᠠᠷ ᠡᠳ᠋ᠯᠡᠭᠦᠯᠵᠦ᠂ ᠰᠢᠨ᠎ᠡ ᠵᠢᠯ ᠤᠨ ᠦᠨᠦᠷ ᠠᠮᠲᠠ ᠶᠢ ᠭᠦᠢᠴᠡᠳ ᠡᠳ᠋ᠯᠡᠭᠦᠯᠦᠨ᠎ᠡ᠃
C:\Users\Administrator\Desktop\2024.2.18真热闹!感受社火里的浓浓年味\1.jpg
 
C:\Users\Administrator\Desktop\2024.2.18真热闹!感受社火里的浓浓年味\2.jpg
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号