ᠴᠢᠩ ᠹᠦ᠋ ᠪᠠᠯᠭᠠᠰᠤᠨ ᠤ ᠶᠢᠨ ᠬᠠᠢ ᠨᠡᠶᠢᠭᠡᠮ ᠲᠣᠭᠤᠷᠢᠭ ᠤᠨ ᠬᠢᠨ ᠬᠤᠸᠠᠷ ᠫᠤᠤᠵᠢᠩ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/2/2
      ᠴᠠᠭᠠᠨ ᠰᠠᠷ᠎ᠠ ᠬᠦᠷᠴᠦ ᠢᠡᠷᠡᠬᠦ ᠳᠤ᠂ ᠬᠤᠸᠠᠷ ᠫᠤᠤᠵᠢᠩ ᠤᠨ ᠵᠠᠬ᠎ᠠ ᠳᠡᠯᠭᠡᠭᠦᠷ ᠢ ᠵᠢᠷᠤᠮᠵᠢᠭᠤᠯᠬᠤ ᠶᠢᠨ ᠲᠥᠯᠥᠭᠡ᠂ ᠣᠶᠢᠷ᠎ᠠ ᠳᠤ᠂ ᠴᠢᠩ ᠹᠦ᠋ ᠪᠠᠯᠭᠠᠰᠤᠨ ᠤ ᠶᠢᠨ ᠬᠠᠢ ᠨᠡᠶᠢᠭᠡᠮ ᠲᠣᠭᠤᠷᠢᠭ ᠤᠨ ᠲᠤᠤᠷᠵᠢᠯ ‍ᠤᠨ‌ᠠᠵᠢᠯᠲᠠᠨ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠳᠤ ᠬᠦᠷᠴᠦ ᠬᠤᠸᠠᠷ ᠫᠤᠤᠵᠢᠩ ᠤᠨ ᠪᠠᠶᠢᠴᠠᠭᠠᠯᠲᠠ ᠶᠢᠨ ᠠᠵᠢᠯ ᠦᠷᠨᠢᠭᠦᠯᠵᠡᠢ᠃ ᠪᠠᠶᠢᠴᠠᠭᠠᠯᠲᠠ ᠶᠢᠨ ᠳᠤᠮᠳᠠ᠂ ᠬᠠᠷᠢᠶᠠᠲᠤ ᠣᠷᠣᠨ ᠤ ᠬᠤᠪᠢ ᠶᠢᠨ ᠡᠷᠦᠬᠡ᠂ ᠵᠢᠵᠢᠭ ᠬᠡᠲᠦ ᠳᠡᠯᠭᠡᠭᠦᠷ᠂ ᠡᠯᠳᠡᠪ ᠪᠠᠷᠠᠭᠠᠨ ᠤ ᠳᠡᠯᠭᠡᠭᠦᠷ ᠵᠡᠷᠭᠡ ᠲᠠᠯᠠᠪᠤᠷ ᠲᠤ ᠬᠤᠸᠠᠷ ᠫᠤᠤᠵᠢᠩ ᠬᠤᠳᠠᠯᠳᠤᠵᠤ ᠪᠠᠶᠢᠬᠤ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠨ ᠲᠣᠬᠢᠷᠠᠭᠤᠯᠤᠭᠰᠠᠨ ᠪᠥᠭᠡᠳ ᠬᠡᠪ ᠤᠨ ᠪᠠᠶᠢᠳᠠᠯ ᠢᠶᠠᠷ ᠬᠡᠷᠡᠭᠯᠡᠵᠦ ᠳᠡᠶᠢᠯᠬᠦ ᠡᠰᠡᠬᠦ ᠵᠡᠷᠭᠡ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠬᠤᠸᠠᠷ ᠫᠤᠤᠵᠢᠩ ᠲᠠᠯᠪᠢᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠭᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号