ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠴᠠᠭᠠᠨ ᠰᠠᠷ᠎ᠠ ᠶᠢᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/2
      ᠠᠮᠤᠷ ᠠᠮᠤᠭᠤᠯᠠᠩ᠂ ᠥᠯᠵᠡᠢ ᠪᠡᠯᠭᠡ ᠲᠠᠢ᠂ ᠪᠠᠶᠠᠷ ᠬᠥᠷ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠡᠯ᠎ᠡ ᠬᠠᠤᠯᠢ ᠴᠠᠭᠠᠵᠠ ᠶᠢᠨ ᠭᠠᠵᠠᠷ ᠪᠠ ᠬᠤᠩ ᠵᠢᠶᠠᠨ ᠠᠯᠪᠠᠨ ᠭᠡᠷᠡᠴᠢᠯᠡᠭᠡ ᠶᠢᠨ ᠭᠠᠵᠠᠷ ︽ᠬᠠᠤᠯᠢ ᠪᠠᠷ ᠵᠠᠰᠠᠬᠤ ᠴᠠᠭᠠᠨ ᠰᠠᠷ᠎ᠠ  ᠶᠢᠨ ᠪᠠᠷᠠᠭ᠎ᠠ︾ ᠶᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠵᠦ᠂ ᠠᠵᠢᠯᠲᠠᠳ ᠵᠡᠭᠡᠯᠢ ᠳᠤ ᠭᠠᠷᠴᠤ᠂ ᠬᠥᠳᠡᠭᠡ ᠲᠣᠰᠬᠤᠨ ᠨᠡᠶᠢᠭᠡᠮ ᠲᠣᠭᠤᠷᠢᠭ ᠲᠤ ᠬᠦᠷᠴᠦ᠂ ᠬᠡᠲᠦ ᠳᠡᠯᠭᠡᠭᠦᠷ ᠤᠨ ᠠᠵᠤ ᠠᠬᠤᠶᠢᠯᠠᠯ ᠳᠤ ᠬᠦᠷᠴᠦ᠂ ᠴᠠᠭᠠᠨ ᠰᠠᠷ᠎ᠠ  ᠶᠢᠨ ᠪᠠᠷᠠᠭᠠᠨ ᠤ ᠵᠠᠬ᠎ᠠ ᠳᠡᠯᠭᠡᠭᠦᠷ ᠲᠤ ᠬᠦᠷᠴᠦ᠂ ᠣᠯᠠᠨ ᠲᠦᠮᠡᠨ ᠳᠤ ᠦᠨᠳᠦᠰᠦᠨ ᠬᠠᠤᠯᠢ᠂ ᠢᠷᠭᠡᠨ ᠤ ᠬᠠᠤᠯᠢ  ᠶᠢᠨ ᠪᠢᠴᠢᠭ᠂ ᠢᠳᠡᠭᠡᠨ ᠤ ᠠᠮᠤᠷ ᠲᠦᠪᠰᠢᠨ ᠤ ᠬᠠᠤᠯᠢ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ  ᠢ ᠰᠡᠷᠭᠡᠶᠢᠯᠡᠬᠦ ᠵᠡᠷᠭᠡ ᠬᠠᠤᠯᠢ ᠴᠠᠭᠠᠵᠠ  ᠶᠢᠨ ᠮᠡᠳᠡᠯᠭᠡ  ᠶᠢ ᠤᠬᠠᠭᠤᠯᠵᠤ᠂ ᠣᠯᠠᠨ ᠲᠦᠮᠡᠨ ᠳᠤ ︽ᠬᠠᠤᠯᠢ ᠪᠠᠷ ᠵᠠᠰᠠᠬᠤ ᠴᠠᠭᠠᠨ ᠰᠠᠷ᠎ᠠ  ᠶᠢᠨ ᠪᠠᠷᠠᠭ᠎ᠠ︾ ᠪᠠ ᠴᠠᠭᠠᠨ ᠰᠠᠷ᠎ᠠ  ᠶᠢᠨ ᠵᠦᠩᠨᠡᠯ ᠳᠡᠪᠰᠢᠭᠦᠯᠵᠡᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号