ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶᠠᠲᠤ ᠣᠷᠣᠨ ᠤ ᠵᠠᠰᠠᠯ ᠴᠢᠮᠡᠭᠯᠡᠯ ᠤᠨ ᠡᠳ᠋ ᠢ ᠡᠵᠡᠩᠨᠡᠨ ᠬᠡᠷᠡᠭᠯᠡᠵᠦ ᠪᠠᠶᠢᠭ᠎ᠠ ᠨᠢᠭᠡᠴᠡ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/2/20
      ᠣᠶᠢᠷ᠎ᠠ ᠳᠤ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠵᠠᠰᠠᠯ ᠴᠢᠮᠡᠭᠯᠡᠯ ᠤᠨ ᠡᠳ᠋ ᠢ ᠡᠵᠡᠩᠨᠡᠨ ᠬᠡᠷᠡᠭᠯᠡᠵᠦ ᠪᠠᠶᠢᠭ᠎ᠠ ᠨᠢᠭᠡᠴᠡ ᠳᠤ ᠪᠠᠶᠢᠴᠠᠭᠠᠯᠲᠠ ᠬᠢᠭᠰᠡᠨ ᠪᠥᠭᠡᠳ ᠬᠠᠤᠯᠢ ᠪᠤᠰᠤ ᠪᠠᠷ ᠮᠢᠬᠠᠨ ᠤ ᠬᠤᠣᠷ ᠬᠡᠷᠡᠭᠯᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠨᠢ᠂ ᠬᠡᠰᠡᠭ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠢᠯᠡᠳᠬᠦᠨ ᠤ ᠨᠡᠷ᠎ᠡ ᠦᠭᠡᠢ ᠦᠢᠯᠡᠳᠪᠦᠷᠢ ᠶᠢᠨ ᠬᠠᠶ᠋ᠢᠭ ᠤᠨ ᠮᠡᠳᠡᠭᠡ ᠵᠠᠩᠭᠢ ᠣᠷᠣᠰᠢᠵᠤ᠂ ᠪᠠᠷᠠᠭ᠎ᠠ ᠬᠠᠩᠭᠠᠬᠤ ᠬᠤᠳᠠᠯᠳᠤᠭᠠᠴᠢᠨ ᠤ ᠬᠢᠷᠢ ᠬᠡᠮ ᠢ ᠴᠠᠭ ᠲᠤᠬᠠᠢ ᠳᠤᠨᠢ ᠣᠯᠵᠤ ᠠᠪᠤᠭᠰᠠᠨ ᠦᠭᠡᠢ᠂ ᠬᠤᠳᠠᠯᠳᠤᠨ ᠠᠪᠴᠤ ᠪᠣᠷᠣᠯᠠᠭᠤᠯᠤᠭᠰᠠᠨ ᠲᠡᠮᠳᠡᠭᠯᠡᠯ ᠨᠢ ᠪᠦᠷᠢᠨ ᠪᠤᠰᠤ ᠵᠡᠷᠭᠡ ᠠᠰᠠᠭᠤᠳᠠᠯ ᠣᠷᠣᠰᠢᠵᠤ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠡᠭᠦᠨ ᠢ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠪᠠᠷ ᠵᠠᠷᠯᠢᠭᠳᠠᠭᠰᠠᠨ ᠪᠥᠭᠡᠳ ᠬᠤᠯᠪᠣᠭᠳᠠᠯ ᠪᠦᠬᠦᠢ ᠰᠦᠪᠡᠭᠴᠢ ᠶᠢ ᠦᠷᠭᠦᠯᠵᠢᠯᠡᠨ ᠠᠩᠬᠠᠷᠤᠨ ᠮᠥᠷᠳᠡᠵᠦ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号