ᠳ᠋ᠢᠩ ᠺᠠᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/20
      2 ᠰᠠᠷ᠎ᠠ ᠶᠢᠨ 19 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠲᠤ ᠬᠦᠷᠴᠦ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠳᠠᠯ ᠢ ᠲᠤᠰᠬᠠᠢ ᠰᠡᠳᠦᠪ ᠢᠶᠠᠷ ᠰᠣᠨᠣᠰᠪᠠ᠃       ᠳ᠋ᠢᠩ ᠺᠠᠢ ᠨᠠᠷ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠬᠦᠷᠴᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠬᠢᠨᠠᠮᠠᠭᠠᠢ ᠰᠣᠨᠣᠰᠴᠤ᠂ ᠲᠥᠷᠥᠯ ᠵᠦᠢᠯ ᠤᠨ ᠠᠬᠢᠴᠠ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤᠨᠢ ᠵᠣᠬᠢᠴᠠᠭᠤᠯᠤᠨ ᠰᠢᠢᠳᠪᠦᠷᠢᠯᠡᠪᠡ᠃       ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠳ᠋ᠢᠩ ᠺᠠᠢ᠂ ᠲᠤᠨᠤᠭ ᠲᠦᠭᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ ᠪᠣᠯ ᠴᠢᠩᠱᠠᠨ ᠲᠣᠭᠤᠷᠢᠭ ᠤᠨ ᠠᠵᠤ ᠠᠬᠤᠢ ᠶᠢᠨ ᠠᠵᠢᠯ ᠤᠨ ᠭᠤᠣᠯ ᠳᠠᠶᠢᠨ ᠤ ᠲᠠᠯᠠᠪᠤᠷ ᠪᠣᠯᠣᠨ᠎ᠠ᠂ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠠ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠰᠡᠨ ᠳᠠᠪᠠᠭᠤᠯᠢᠭ ᠲᠤ ᠰᠠᠭᠤᠷᠢᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠨᠡᠩ ᠤᠯᠠᠨ ᠰᠢᠨ᠎ᠡ ᠬᠥᠳᠡᠯᠭᠡᠬᠦ ᠬᠦᠴᠦᠨ ᠰᠢᠨ᠎ᠡ ᠨᠡᠮᠡᠭᠳᠡᠯ ᠤᠨ ᠬᠡᠮᠵᠢᠶ᠎ᠡ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠳ᠋ᠢᠩ ᠺᠠᠢ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠷ ᠭᠦᠢᠴᠡᠳᠬᠡᠯ ᠢ ᠭᠦᠢᠴᠡᠳᠬᠡᠬᠦ ᠠᠬᠢᠴᠠ ᠶᠢ ᠲᠦᠷᠭᠡᠳᠬᠡᠨ᠂ ᠠᠵᠢᠯ ᠤᠨ ᠬᠤᠭᠤᠴᠠᠭ᠎ᠠ ᠶᠢ ᠵᠢᠭᠰᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠣᠳᠠᠲᠠᠢ ᠠᠳᠬᠤᠵᠤ ᠪᠣᠳᠠᠲᠠᠢ ᠠᠵᠢᠯᠯᠠᠬᠤ ᠶᠢ  ᠦᠨᠡᠨᠬᠦ ᠪᠠᠲᠤᠯᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ︽ᠭᠤᠷᠪᠠᠨ ᠲᠥᠷᠥᠯ ᠤᠨ 500 ᠬᠦᠴᠦᠷᠬᠡᠭ︾ ᠪᠠ ᠠᠵᠢᠯ ᠲᠥᠷᠥᠯ ᠤᠨ ᠳᠠᠭᠠᠭᠤᠯᠤᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠪᠤᠶᠢᠵᠢᠯᠲᠠ ᠶᠢᠨ ᠴᠢᠨᠠᠷ ᠢᠶᠠᠷ ᠰᠠᠶᠢᠨ ᠠᠵᠤ ᠠᠬᠤᠶᠢᠯᠠᠯ ᠢ ᠬᠦᠴᠦᠯᠡᠨ ᠲᠠᠲᠠᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠲᠠᠰᠤᠷᠠᠯᠲᠠ ᠦᠭᠡᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠬᠢᠵᠠᠭᠠᠷᠯᠠᠵᠤ ᠪᠠᠶᠢᠭ᠎ᠠ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠵᠡᠷᠭᠡ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢᠨ ᠲᠦᠭᠵᠢᠷᠡᠯ ᠤᠨ ᠠᠰᠠᠭᠤᠳᠠᠯ ᠢ ᠬᠦᠴᠦᠯᠡᠨ ᠠᠷᠢᠯᠭᠠᠬᠤ ᠬᠡᠷᠡᠭᠲᠡᠢ᠃ ︽ᠪᠤᠭᠤᠲᠦ ᠶᠢᠨ ᠮᠠᠲ᠋ᠧᠷᠢᠶᠠᠯ ᠢ ᠬᠡᠷᠡᠭᠯᠡᠬᠦ︾ ︽ᠦᠪᠦᠷ ᠮᠤᠩᠭᠤᠯ ᠤᠨ ᠮᠠᠲ᠋ᠧᠷᠢᠶᠠᠯ ᠢ ᠬᠡᠷᠡᠭᠯᠡᠬᠦ︾ ᠪᠠᠷ ᠭᠤᠣᠯᠳᠠᠯᠭ᠎ᠠ ᠪᠣᠯᠭᠠᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠨᠢ ᠥᠷᠭᠡᠳᠬᠡᠬᠦ ᠬᠡᠷᠡᠭᠲᠡᠢ᠃ ᠣᠲᠣ ᠶᠢᠨ ᠪᠠᠶᠢᠭ᠎ᠠ ᠰᠤᠯᠠ ᠪᠠᠶᠢᠬᠤ ᠭᠠᠵᠠᠷ ᠰᠢᠷᠣᠢ ᠶᠢ ᠥᠨᠳᠥᠷ ᠪᠦᠲᠦᠮᠵᠢᠲᠡᠶ ᠠᠰᠢᠭᠯᠠᠵᠤ᠂ ᠴᠢᠨᠠᠷ ᠰᠠᠶᠢᠲᠠᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠴᠢᠨᠠᠷ ᠰᠠᠶᠢᠲᠠᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠤᠨ ᠪᠠᠶᠢᠴᠠᠭᠠᠯᠲᠠ ᠶᠢ ᠦᠨᠡᠨᠬᠦ ᠴᠢᠩᠭᠠᠳᠬᠠᠵᠤ᠂ ᠲᠦᠷᠦᠯ ᠵᠦᠢᠯ ᠤᠨ ᠠᠮᠤᠷ ᠲᠦᠪᠰᠢᠨ ᠡᠮᠬᠢ ᠳᠢᠭᠯᠢᠮ ᠲᠠᠢ᠂ ᠲᠣᠭᠲᠠᠭᠤᠨ ᠢᠶᠠᠷ ᠠᠬᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号