ᠲᠡᠷᠭᠡᠨ ᠤ ᠰᠠᠷᠠᠪᠴᠢ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/2/21
      2 ᠰᠠᠷ᠎ᠠ ᠶᠢᠨ 19 ᠤ ᠡᠳᠦᠷ᠂ ᠴᠢᠯᠦᠭᠡᠲᠦ ᠵᠠᠮ ᠤᠨ ᠵᠡᠭᠡᠯᠢ ᠭᠤᠳᠤᠮᠵᠢ ᠶᠢᠨ ᠬᠠᠷᠢᠯᠴᠠᠨ ᠬᠠᠪᠰᠤᠷᠤᠯᠴᠠᠬᠤ ᠨᠡᠶᠢᠭᠡᠮ ᠲᠣᠭᠤᠷᠢᠭ ᠤᠨ ᠬᠢᠨ ᠡᠯ᠎ᠡ ᠨᠢᠭᠡᠴᠡ ᠲᠠᠢ ᠬᠠᠮᠲᠤᠷᠠᠨ ᠲᠡᠷᠭᠡᠨ ᠤ ᠰᠠᠷᠠᠪᠴᠢ ᠶᠢᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ᠂ ᠲᠡᠷᠭᠡᠨ ᠰᠠᠷᠠᠪᠴᠢᠨ ᠳᠤ ᠡᠯᠳᠡᠪ ᠶᠠᠭᠤᠮ᠎ᠠ ᠣᠪᠣᠭᠠᠯᠠᠨ ᠲᠠᠯᠪᠢᠭᠰᠠᠨ ᠠᠴᠠ ᠪᠣᠯᠵᠤ ᠵᠠᠮ ᠢᠪᠴᠤᠷᠠᠭᠰᠠᠨ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠲᠤᠰᠬᠠᠢ ᠴᠠᠬᠢᠯᠭᠠᠨ ᠴᠡᠨᠡᠭᠯᠡᠬᠦ ᠤᠲᠠᠰᠤ ᠦᠭᠡᠢ᠂ ᠴᠠᠬᠢᠯᠭᠠᠨ ᠬᠡᠮᠵᠢᠭᠦᠷ ᠤᠨ ᠬᠠᠶᠢᠷᠴᠠᠭ ᠨᠢ ᠡᠭᠦᠳᠡ ᠦᠭᠡᠢ ᠴᠠᠬᠢᠯᠭᠠᠨ ᠬᠡᠷᠡᠭᠰᠡᠯ ᠢᠯᠡ ᠭᠠᠷᠤᠭᠰᠠᠨ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠠᠲᠠᠵᠠᠢ᠃ ᠬᠤᠶᠢᠰᠢᠳᠠ᠂ ᠨᠡᠶᠢᠭᠡᠮ ᠲᠣᠭᠤᠷᠢᠭ ᠤᠨ ᠬᠢᠨ ᠲᠡᠷᠭᠡᠨ ᠤ ᠰᠠᠷᠠᠪᠴᠢ ᠶᠢᠨ ᠬᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠮᠥᠷᠳᠡᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶ᠎ᠠ ᠣᠷᠣᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠬᠠᠮᠠᠭᠠᠯᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号