ᠪᠠᠢ ᠶᠦᠨ ᠰᠢ ᠹᠦ᠋ ᠰᠢᠩ ᠶᠡᠭᠡ ᠵᠡᠭᠡᠯᠢ ᠶᠢᠨ ᠴᠢᠩᠱᠠᠨ ᠵᠠᠮ ᠳᠠᠭᠠᠤ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/2/21
      2 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠹᠦ᠋ ᠰᠢᠩ ᠶᠡᠭᠡ ᠵᠡᠭᠡᠯᠢ ᠶᠢᠨ ᠴᠢᠩᠱᠠᠨ ᠤ ᠬᠡᠰᠡᠭ ᠤᠨ ᠵᠠᠮ ᠳᠠᠭᠠᠤ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠪᠠᠢ ᠶᠦᠨ ᠰᠢ ᠨᠠᠷ ᠤᠷᠢᠳ ᠬᠤᠵᠢᠳ ᠹᠦ᠋ ᠰᠢᠩ ᠶᠡᠭᠡ ᠵᠡᠭᠡᠯᠢ ᠶᠢᠨ ᠱᠤᠭᠤᠮ ᠳᠠᠭᠠᠤ ᠶᠢᠨ ᠴᠢᠨᠳᠠᠭᠠᠨ ᠴᠠᠭᠠᠨ ᠭᠤᠣᠯ ᠤᠨ ᠵᠠᠯᠭᠠᠯᠳᠤᠭᠰᠠᠨ ᠲᠣᠭᠤᠷᠢᠭ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠵᠠᠯᠭᠠᠯᠳᠤᠭᠰᠠᠨ ᠬᠡᠰᠡᠭ᠂ ᠶᠢᠨ ᠬᠠᠢ ᠰᠢᠨ᠎ᠡ ᠲᠣᠰᠬᠤᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠦᠷᠴᠦ᠂ ᠵᠠᠮ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ᠂ ᠠᠰᠠᠷ ᠤᠨ ᠥᠩᠭᠡ᠂ ᠦᠵᠡᠮᠵᠢ ᠶᠢᠨ ᠨᠣᠭᠤᠭᠠᠷᠠᠭᠤᠯᠤᠯᠲᠠ᠂ ᠡᠪᠳᠡᠷᠡᠵᠦ ᠰᠦᠢᠳᠦᠭᠰᠡᠨ ᠪᠠᠷᠢᠯᠭ᠎ᠠ᠂ ᠵᠠᠮ ᠳᠠᠭᠠᠤ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠳ᠋ᠰᠢᠭᠦᠯᠭᠡ ᠵᠡᠷᠭᠡ ᠠᠭᠤᠯᠭ᠎ᠠ ᠶᠢ ᠨᠢᠭᠡᠳ ᠨᠢᠭᠡ ᠪᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢᠶᠠᠨ ᠨᠢᠭᠤᠷᠲᠠᠨ ᠰᠣᠯᠢᠯᠴᠠᠵᠤ ᠠᠰᠠᠭᠤᠨ ᠯᠠᠪᠯᠠᠬᠤ ᠶᠢᠨ ᠬᠠᠮᠲᠤ᠂ ᠡᠯ᠎ᠡ ᠬᠡᠰᠡᠭ ᠲᠣᠭᠤᠷᠢᠭ ᠤᠨ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠲᠠᠢ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠ ᠠᠬᠢᠴᠠ᠂ ᠴᠡᠭᠴᠡᠯᠡᠨ ᠵᠠᠰᠠᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠨᠠᠷᠢᠨ ᠣᠶᠢᠯᠠᠭᠠᠵᠤ᠂ ᠰᠢᠢᠳᠪᠦᠷᠢᠯᠡᠬᠦ ᠠᠷᠭ᠎ᠠ ᠶᠢ ᠲᠤᠬᠠᠢ ᠶᠢᠨ ᠲᠠᠯᠠᠪᠤᠷ ᠲᠤᠨᠢ ᠵᠥᠪᠳᠡᠯᠴᠡᠨ᠂ ᠰᠠᠨᠠᠯ ᠰᠠᠨᠠᠭᠤᠯᠭ᠎ᠠ ᠳᠤᠷᠠᠳᠪᠠ᠃       ᠪᠠᠢ ᠶᠦᠨ ᠰᠢ᠂ ᠵᠠᠮ ᠤᠨ ᠣᠷᠴᠢᠨ ᠲᠣᠭᠤᠷᠢᠨ ᠨᠢ ᠬᠤᠳᠠ ᠶᠢᠨ ᠳᠦᠷᠢ ᠲᠥᠷᠬᠦ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠵᠡᠭᠡᠯᠢ ᠪᠠᠯᠭᠠᠰᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠬᠠᠮᠵᠢᠯᠴᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠰᠢ ᠰᠠᠭᠠᠳ ᠢ ᠠᠷᠢᠯᠭᠠᠬᠤ᠂ ᠨᠣᠭᠤᠭᠠᠷᠠᠭᠤᠯᠬᠤ᠂ ᠣᠷᠴᠢᠨ ᠲᠣᠭᠤᠷᠢᠨ ᠢ ᠳᠡᠭᠡᠭᠰᠢᠯᠡᠭᠦᠯᠬᠦ ᠵᠡᠷᠭᠡ ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠰᠡᠳᠬᠢᠮᠵᠢ ᠶᠢᠨ ᠰᠢᠨ᠎ᠡ ᠶᠢ ᠡᠭᠦᠳᠴᠦ᠂ ᠳᠠᠷᠤᠢ ᠲᠦᠷᠭᠡᠨ ᠲᠥᠰᠥᠯ ᠲᠣᠭᠲᠠᠭᠠᠵᠤ᠂ ᠵᠠᠮ ᠳᠠᠭᠠᠤ ᠶᠢᠨ ᠣᠷᠴᠢᠨ ᠲᠣᠭᠤᠷᠢᠨ ᠤ ᠥᠩᠭᠡ ᠦᠵᠡᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠥᠨᠳᠥᠷ ᠪᠠᠷᠢᠮᠵᠢᠶ᠎ᠠ ᠪᠠᠷ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠪᠣᠷᠣᠭᠵᠢᠭᠤᠨ ᠥᠭᠭᠢᠶᠡᠮᠦᠷ᠂ ᠠᠷᠪᠢᠴᠢ ᠭᠠᠮᠲᠠᠢ ᠥᠨᠳᠥᠷ ᠪᠦᠲᠦᠮᠵᠢᠲᠡᠶ ᠪᠠᠶᠢᠬᠤ ᠪᠠᠷ ᠵᠠᠷᠴᠢᠮ ᠪᠣᠯᠭᠠᠵᠤ᠂ ᠨᠢᠭᠡᠳᠦᠯᠲᠡᠢ ᠲᠥᠯᠥᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠵᠦ᠂ ᠡᠷᠲᠡᠬᠡᠨ ᠦᠷ᠎ᠡ ᠪᠦᠲᠦᠮᠵᠢ ᠣᠯᠬᠤ ᠬᠡᠷᠡᠭᠲᠡᠢ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠰᠠᠯᠠᠭ᠎ᠠ ᠮᠥᠴᠢᠷ᠂ ᠵᠡᠭᠡᠯᠢ ᠪᠠᠯᠭᠠᠰᠤ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠥᠬᠦᠴᠡᠯ᠂ ᠬᠦᠴᠢᠷᠳᠡᠯ  ᠤᠨ ᠰᠢᠯᠲᠠᠭᠠᠨ ᠶᠠᠷᠢᠬᠤ ᠦᠭᠡᠢ᠂ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠪᠠᠷᠢᠯᠭ᠎ᠠ ᠶᠢᠨ ᠠᠵᠢᠯᠲᠠᠨ ᠢ ᠬᠦᠴᠦ ᠪᠠᠨ ᠬᠠᠮᠲᠤᠳᠬᠠᠨ ᠨᠡᠮᠡᠭᠳᠡᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠴᠢᠨᠠᠷ ᠰᠠᠶᠢᠲᠠᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号