ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2024 ᠣᠨ ᠤ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/22
      2 ᠰᠠᠷ᠎ᠠ ᠶᠢᠨ 20 ᠤ ᠡᠳᠦᠷ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 2024 ᠣᠨ ᠤ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 3 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 2024 ᠣᠨ ᠤ ᠴᠢᠩᠱᠠᠨ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃       ᠬᠤᠷᠠᠯ ᠳᠡᠭᠡᠷ᠎ᠡ ᠪᠤᠭᠤᠲᠤ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 3 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠰᠤᠷᠤᠯᠴᠠᠨ ᠤᠯᠠᠮᠵᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠬᠡᠷᠡᠭᠯᠡᠵᠦ᠂ ᠮᠠᠨ ᠤ ᠲᠤᠭᠤᠷᠢᠭ ᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠣᠳᠠᠲᠠᠢ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠵᠠᠳᠠᠯᠤᠨ ᠰᠤᠳᠤᠯᠬᠤ ᠶᠢ ᠴᠢᠬᠤᠯᠠᠴᠢᠯᠠᠪᠠ᠃     ᠬᠤᠷᠠᠯ ᠠᠴᠠ 2024 ᠣᠨ ᠤ ᠴᠢᠩᠱᠠᠨ ᠲᠣᠭᠤᠷᠢᠭ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾  ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠢ᠃ ︽ᠨᠢᠭᠡ ᠡᠷᠦᠭᠡ ᠳᠤ ᠨᠢᠭᠡ ᠪᠣᠳᠣᠯᠭ᠎ᠠ ᠬᠡᠷᠡᠭᠵᠢᠭᠦᠯᠬᠦ︾  ᠶᠢ ᠪᠠᠷᠢᠮᠲᠠᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠭᠡᠬᠦ ᠡᠨᠡᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠦᠷᠦᠯ ᠤᠨ ᠲᠠᠷᠢᠶᠠᠯᠠᠩ ᠤᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢ ᠣᠯᠭᠤᠬᠤ ᠪᠠ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠᠷ ᠠᠮᠤ ᠪᠤᠳᠠᠭ᠎ᠠ ᠶᠢ ᠨᠡᠮᠡᠭᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ︔ ᠮᠢᠬ᠎ᠠ ᠥᠨᠳᠡᠭᠡ ᠰᠦ ᠶᠢᠨ ᠭᠠᠷᠤᠯᠲᠠ ᠶᠢ ᠰᠠᠶᠢᠲᠤᠷ ᠲᠣᠭᠲᠠᠪᠤᠷᠢᠵᠢᠭᠤᠯᠵᠤ᠂ ᠠᠯᠠᠵᠤ ᠨᠢᠲᠤᠯᠬᠤ ᠵᠢᠨ‌ᠠᠶᠤᠯᠭᠦᠢ ᠦᠢᠯᠡᠳᠪᠦᠷᠢᠯᠡᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠠᠷᠠᠳ ᠤᠯᠠᠨ ᠤ ᠢᠳᠡᠰᠢᠨ ᠨᠣᠭᠤᠭ᠎ᠠ ᠶᠢ ᠰᠠᠶᠢᠲᠤᠷ ᠰᠠᠬᠢᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ ᠤᠬᠢ ᠰᠢᠯᠢᠳᠡᠭ ᠤᠳᠤ ᠦᠶ᠎ᠡ ᠶᠢᠨ ᠲᠠᠷᠢᠶᠠᠯᠠᠩ ᠢ ᠪᠦᠲᠦᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号