ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ︵UNWT︶ ᠶᠢᠨ ᠲᠡᠷᠢᠭᠦᠨ ᠲᠤᠰᠬᠠᠢ ᠮᠡᠷᠭᠡᠵᠢᠯᠲᠡᠨ ᠨᠠᠷ ᠮᠠᠨ ᠤ ᠲᠤᠭᠤᠷᠢᠭ ᠲᠤ ᠢᠷᠡᠵᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/2/22
      2 ᠰᠠᠷ᠎ᠠ ᠶᠢᠨ 20 ᠤ ᠡᠳᠦᠷ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ︵UNWT︶ ᠶᠢᠨ ᠲᠡᠷᠢᠭᠦᠨ ᠲᠤᠰᠬᠠᠢ ᠮᠡᠷᠭᠡᠵᠢᠯᠲᠡᠨ ᠪᠦ᠋ ᠨᠠᠢ ᠫᠧᠩ᠂ ᠱᠠᠨ ᠰᠢᠶᠠᠩ ᠪᠦᠯᠦᠭᠯᠡᠯ ︵ᠱᠠᠨᠳᠦ᠋ᠩ︶ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠭᠦᠢᠴᠡᠳᠭᠡᠭᠴᠢ ᠬᠡᠷᠡᠭ ᠮᠡᠳᠡᠭᠴᠢᠳ ᠤᠨ ᠶᠡᠷᠦᠩᠬᠡᠢ ᠳᠠᠭᠠᠭᠠᠮᠠᠯ ᠸᠠᠩ ᠪᠦᠦ ᠺᠦᠨ᠂ ᠪᠡᠭᠡᠵᠢᠩ ᠶᠦᠨ ᠴᠢ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠴᠢᠮᠡᠭᠡ ᠨᠡᠪᠲᠡᠷᠡᠯᠭᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠯᠢ ᠶᠦᠨ ᠵᠡᠷᠭᠡ 8 ᠬᠥᠮᠥᠨ᠂ ᠴᠢᠩᠱᠠᠨ ᠲᠣᠭᠤᠷᠢᠭ ᠲᠤ ᠢᠷᠡᠵᠦ ᠰᠣᠶᠣᠯ ᠵᠢᠭᠤᠯᠴᠢᠯᠠᠯ  ᠤᠨ ᠦᠢᠯᠡᠰ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ ᠪᠤᠭᠤᠲᠤ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠤᠭᠤᠲᠤ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠵᠢᠴᠢ ᠬᠤᠳᠠ  ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃       ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠮᠠᠷᠠᠲᠤ ᠶᠢᠨ ᠴᠡᠷᠢᠭ ᠤᠨ ᠵᠡᠪᠰᠡᠭ ᠤᠨ ᠬᠤᠲᠠ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠵᠡᠷᠭᠡ ᠰᠣᠶᠣᠯ ᠵᠢᠭᠤᠯᠴᠢᠯᠠᠯ ᠤᠨ ᠦᠢᠯᠡᠰ ᠢ ᠲᠣᠭᠤᠷᠢᠨ ᠦᠵᠡᠵᠦ᠂ ᠮᠠᠨ ᠤ ᠲᠤᠭᠤᠷᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠲᠤᠷᠰᠢᠯᠭ᠎ᠠ ᠬᠢᠳᠡᠯ ᠢ ᠭᠦᠨᠵᠡᠭᠡᠢ ᠣᠶᠢᠯᠠᠭᠠᠵᠤ᠂ ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠭᠦᠢᠴᠡᠳ ᠨᠤᠲᠠᠯᠠᠵᠤ᠂ ᠬᠤᠶᠢᠰᠢᠳᠠ ᠰᠣᠯᠢᠯᠴᠠᠭ᠎ᠠ ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠪᠡᠷᠢ ᠪᠠᠨ ᠰᠢᠯᠢᠳᠡᠭᠵᠢᠭᠦᠯᠦᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃
C:\Users\Administrator\Desktop\1_副本.jpg
C:\Users\Administrator\Desktop\2_副本.jpg
 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号