ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠣᠷ ᠤᠨ ᠡᠮ ᠤᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/23
      ᠣᠶᠢᠷ᠎ᠠ ᠳᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠣᠷ ᠤᠨ ᠡᠮ ᠤᠨ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠨᠡᠶᠢᠲᠡ 99 ᠡᠮ ᠤᠨ ᠵᠦᠢᠯ ᠤᠨ ᠡᠵᠡᠩᠨᠡᠯᠲᠡ ᠶᠢᠨ ᠠᠵᠤ ᠠᠬᠤᠶᠢᠯᠠᠯ ᠢ ᠪᠠᠶᠢᠴᠠᠭᠠᠵᠤ᠂ ᠵᠣᠷ ᠤᠨ ᠡᠮ ᠢ ᠵᠣᠷ ᠢᠶᠠᠷ ᠥᠯᠥ ᠬᠡᠷᠡᠭᠯᠡᠵᠦ ᠪᠣᠷᠣᠯᠠᠭᠤᠯᠤᠭᠰᠠᠨ 12 ᠠᠵᠤ ᠠᠬᠤᠶᠢᠯᠠᠯ ᠢ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ᠃ ᠡᠭᠦᠨ ᠤ ᠵᠡᠷᠭᠡ ᠳᠤ᠂ ᠵᠣᠷ ᠤᠨ ᠡᠮ  ᠢ ᠵᠣᠷ ᠢᠶᠠᠷ ᠨᠢ ᠪᠣᠷᠣᠯᠠᠭᠤᠯᠤᠭᠰᠠᠨ ᠦᠭᠡᠢ ᠪᠠᠶᠢᠳᠠᠯ ᠳᠤ ᠴᠢᠭᠯᠡᠭᠦᠯᠦᠨ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠭᠰᠠᠨ ᠪᠣᠯᠪᠠᠴᠤ ᠬᠤᠭᠤᠴᠠᠭ᠎ᠠ ᠬᠡᠲᠦᠷᠡᠲᠡᠯ᠎ᠡ ᠴᠡᠭᠴᠡᠯᠡᠨ ᠵᠠᠰᠠᠭᠰᠠᠨ ᠦᠭᠡᠢ ᠪᠠᠶᠢᠪᠠᠯ᠂ 5000 ᠲᠥᠭᠦᠷᠢᠭ ᠠᠴᠠ ᠳᠡᠭᠡᠭᠰᠢ 50000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号