ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/23
      2 ᠰᠠᠷ᠎ᠠ ᠶᠢᠨ 21 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠹᠦ᠋ ᠰᠢᠩ ᠵᠡᠭᠡᠯᠢ ᠳᠠᠭᠠᠤ ᠶᠢᠨ ᠣᠷᠴᠢᠨ ᠠᠬᠤᠢ ᠶᠢ ᠴᠡᠭᠴᠡᠯᠡᠨ ᠵᠠᠰᠠᠬᠤ ᠲᠥᠰᠥᠯ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ  ᠢ ᠡᠷᠭᠢᠯᠡᠪᠡ᠃       ᠬᠤᠷᠠᠯ ᠠᠴᠠ᠂ ᠹᠦ᠋ ᠰᠢᠩ ᠶᠡᠭᠡ ᠵᠡᠭᠡᠯᠢ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠪᠣᠯ ᠹᠦ᠋ ᠰᠢᠩ ᠶᠡᠭᠡ ᠵᠡᠭᠡᠯᠢ ︵ᠴᠢᠩᠱᠠᠨ ᠤ ᠬᠡᠰᠡᠭ︶ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠳᠠ ᠶᠢᠨ ᠳᠦᠷᠰᠦ ᠪᠠᠶᠢᠳᠠᠯ᠂ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠳᠣᠣᠷ᠎ᠠ ᠠᠰᠢᠭᠯᠠᠮᠵᠢ ᠲᠠᠢ ᠭᠠᠵᠠᠷ ᠢ ᠪᠦᠲᠦᠮᠵᠢᠲᠡᠢ ᠠᠮᠢᠯᠠᠭᠤᠯᠬᠤ᠂ ᠬᠡᠰᠡᠭ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠵᠢᠯᠤᠭᠤᠳᠬᠤ᠂ ᠵᠠᠮ ᠳᠠᠭᠠᠤ ᠶᠢᠨ ᠠᠷᠠᠳ ᠤᠯᠠᠨ ᠤ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ  ᠶᠢ ᠴᠢᠩᠭ᠎ᠠ ᠵᠢᠷᠤᠮᠯᠠᠨ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠴᠢᠳᠠᠮᠵᠢ ᠶᠢ ᠲᠡᠭᠦᠯᠳᠡᠷᠵᠢᠭᠦᠯᠬᠦ ᠪᠠᠷ ᠡᠬᠢᠯᠡᠯᠲᠡ ᠪᠣᠯᠭᠠᠵᠤ᠂ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠶᠡᠷᠦᠩᠬᠡᠶᠢᠯᠡᠨ ᠵᠠᠰᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠲᠠᠯᠪᠢᠵᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠹᠦ᠋ ᠰᠢᠩ ᠶᠡᠭᠡ ᠵᠡᠭᠡᠯᠢ ︵ᠴᠢᠩᠱᠠᠨ ᠤ ᠬᠡᠰᠡᠭ︶ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠪᠠᠬᠢᠵᠢᠭᠦᠯᠦᠨ ᠳᠡᠭᠡᠭᠰᠢᠯᠡᠭᠦᠯᠬᠦ ᠶᠢ ᠦᠷᠭᠦᠯᠵᠢᠯᠡᠨ ᠭᠦᠨᠵᠡᠭᠡᠢ ᠠᠬᠢᠭᠤᠯᠤᠨ᠎ᠠ᠃ ᠣᠳᠣᠬᠠᠨ ᠤ ᠪᠠᠶᠢᠳᠠᠯ ᠳᠠᠭᠠᠨ ᠰᠠᠭᠤᠷᠢᠯᠠᠬᠤ ᠪᠠ ᠠᠯᠤᠰ ᠬᠤᠯᠠ ᠶᠢ ᠪᠣᠳᠣᠯᠬᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠮ ᠳᠠᠭᠠᠤ ᠶᠢᠨ ᠠᠵᠤ ᠦᠢᠯᠡᠰ ᠤᠨ ᠪᠠᠶᠢᠷᠢᠰᠢᠯ ᠢ ᠵᠣᠬᠢᠰᠲᠠᠢ ᠲᠥᠯᠥᠪᠵᠢᠭᠦᠯᠵᠦ᠂ ᠰᠤᠯᠠ ᠪᠠᠶᠢᠬᠤ ᠭᠠᠵᠠᠷ ᠰᠢᠷᠣᠢ ᠶᠢ ᠠᠮᠢᠯᠠᠭᠤᠯᠵᠤ᠂ ᠬᠤᠳᠠ ᠶᠢᠨ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠬᠥᠭᠵᠢᠭᠡᠵᠦ᠂ ᠹᠦ᠋ ᠰᠢᠩ ᠶᠡᠭᠡ ᠵᠡᠭᠡᠯᠢ ᠶᠢ ᠬᠤᠳᠠ ᠶᠢᠨ ᠬᠥᠭᠵᠢᠯᠲᠡ ᠶᠢᠨ ᠰᠢᠨ᠎ᠡ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号