ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠡᠯᠭᠡᠯᠡᠵᠦ᠂ ᠲᠠᠩᠰᠤᠭ ᠰᠠᠶᠢᠬᠠᠨ ᠠᠷᠠᠳ ᠤᠨ ᠵᠠᠩ ᠦᠶᠯᠡ ᠴᠢᠩᠱᠠᠨ ᠢ ᠭᠡᠷᠡᠯᠲᠡᠭᠦᠯᠪᠡ
ᠨᠡᠶᠢᠲᠡᠯᠡᠭᠰᠡᠨ ᠴᠠᠭ᠄
2024/2/26
      2 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠢᠭᠡᠳᠦᠭᠡᠷ ᠠᠵᠢᠯᠴᠢᠨ ᠤ ᠰᠣᠶᠣᠯ ᠤᠨ ᠣᠷᠳᠣᠨ ᠤ ᠠᠭᠤᠳᠠᠮ ᠲᠠᠯᠠᠪᠠᠢ ᠳᠤ ᠬᠡᠩᠭᠡᠷᠭᠡ ᠨᠢᠵᠢᠭᠢᠨᠡᠵᠦ᠂ ᠪᠠᠶᠠᠷᠯᠠᠨ ᠬᠥᠭᠡᠷᠦᠯᠳᠦᠵᠦ᠂ ᠴᠢᠩᠱᠠᠨ ᠲᠣᠭᠤᠷᠢᠭ ᠤᠨ ︽2024 ᠣᠨ ᠤ ᠵᠡᠭᠡᠯᠢ ᠭᠤᠳᠤᠮᠵᠢ ᠶᠢᠨ ᠠᠷᠠᠳ ᠤᠨ ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ︾ ᠶᠢᠨ ᠠᠵᠢᠯᠯᠠᠭ᠎ᠠ ᠦᠪᠡᠳᠡᠭᠰᠢ ᠶᠡᠭᠡ ᠪᠠᠷ ᠶᠠᠪᠤᠭᠳᠠᠪᠠ᠃ ᠲᠤᠰ ᠤᠳᠠᠭ᠎ᠠ ᠶᠢᠨ ᠠᠵᠢᠯᠯᠠᠭ᠎ᠠ ᠶᠢ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠠᠴᠠ ᠳᠠᠭᠠᠭᠠᠨ ᠡᠷᠬᠢᠯᠡᠵᠦ᠂ ᠡᠯ᠎ᠡ ᠵᠡᠭᠡᠯᠢ ᠪᠠᠯᠭᠠᠰᠤ᠂ ᠲᠣᠭᠤᠷᠢᠭ ᠤᠨ ᠰᠣᠶᠣᠯ ᠤᠨ ᠣᠷᠳᠣᠨ᠂ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠩᠭᠢ ᠬᠠᠮᠲᠤᠪᠠᠷ ᠬᠠᠮᠵᠢᠯᠴᠠᠨ ᠡᠷᠬᠢᠯᠡᠪᠡ᠃     ᠠᠵᠢᠯᠯᠠᠭ᠎ᠠ  ᠶᠢᠨ ᠠᠬᠤᠢ ᠲᠠᠯᠠᠪᠠᠶ  ᠶᠢ ᠨᠠᠷᠢᠨ ᠨᠢᠮᠪᠠᠢ ᠪᠠᠶᠢᠷᠢᠯᠠᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠣᠯᠭᠠᠵᠤ᠂ ᠦᠢ ᠣᠯᠠᠨ ᠦᠵᠡᠭᠴᠢᠳ ᠤᠨ ᠰᠣᠨᠢᠷᠬᠠᠯ  ᠢ ᠲᠠᠲᠠᠵᠤ᠂ ᠪᠠᠶᠠᠷ ᠤᠨ ᠡᠳᠦᠷ ᠤᠨ ᠴᠠᠭ ᠮᠥᠴᠡ  ᠶᠢ ᠬᠠᠮᠲᠤ ᠪᠠᠷ ᠪᠠᠶᠠᠷ ᠬᠥᠷ ᠲᠠᠢ ᠦᠩᠭᠡᠷᠡᠭᠦᠯᠦᠨ᠎ᠡ᠃       ᠴᠢᠩᠱᠠᠨ ᠵᠠᠮ ᠤᠨ ᠵᠡᠭᠡᠯᠢ ᠭᠤᠳᠤᠮᠵᠢ  ᠶᠢᠨ ᠲᠣᠭᠯᠠᠯᠲᠠ  ᠶᠢᠨ ᠠᠩᠭᠢ  ᠶᠢᠨ ᠬᠢᠨ ᠪᠥᠵᠢᠭ ᠤᠨ ᠲᠣᠭᠯᠠᠯᠲᠠ ᠪᠠᠷ ᠦᠵᠡᠭᠦᠯᠭᠡ  ᠶᠢᠨ ᠬᠥᠰᠢᠭᠡ ᠪᠠᠨ ᠨᠡᠭᠡᠭᠡᠪᠡ᠃ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠ ᠪᠤᠭᠤᠲᠤ ᠬᠤᠲᠠ ᠶᠢᠨ ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠢᠶᠠᠷ ᠪᠦᠷᠢᠯᠳᠦᠭᠰᠡᠨ ᠯᠣᠣ ᠪᠥᠵᠢᠭ ᠤᠨ ᠠᠩᠭᠢ ᠭᠤᠶᠣ ᠰᠠᠶᠢᠬᠠᠨ ᠬᠤᠪᠴᠠᠰᠤ ᠡᠮᠦᠰᠴᠦ᠂ ᠬᠡᠩᠭᠡᠷᠭᠡ  ᠶᠢᠨ ᠲᠠᠭᠤᠨ  ᠢ ᠳᠠᠭᠠᠯᠳᠤᠨ᠂ ᠭᠠᠷ ᠲᠠᠬᠢ ᠥᠩᠭᠡ ᠪᠦᠷᠢ  ᠶᠢᠨ ︽ᠵᠤᠭᠠᠴᠠᠯ ᠤᠨ ᠯᠣᠣ︾᠂ ᠴᠠᠭᠠᠷᠢᠭᠯᠠᠨ ᠲᠣᠭᠤᠷᠢᠬᠤ᠂ ᠳᠡᠭᠦᠯᠢᠬᠦ᠂ ᠠᠯᠬᠤᠭ᠎ᠠ ︽8︾ ᠦᠰᠦᠭ  ᠢ ᠪᠦᠵᠢᠭᠯᠡᠨ ᠁ ᠭᠤᠶᠢᠳᠠ ᠰᠠᠶᠢᠬᠠᠨ᠂ ᠤᠷᠤᠰᠬᠠᠯ ᠤᠰᠤᠨ ᠤ ᠯᠣᠸ  ᠶᠢᠨ ᠪᠥᠵᠢᠭ ᠲᠤᠭᠯᠠᠨ᠂ ᠭᠠᠷ ᠲᠠᠬᠢ ᠬᠡᠷᠡᠯ ᠵᠢᠷᠤᠭ ᠤᠨ ᠮᠠᠰᠢᠨ ᠢᠶᠠᠨ ᠡᠷᠭᠦᠨ ᠭᠤᠶᠢᠳᠠ ᠰᠠᠶᠢᠬᠠᠨ ᠴᠠᠭ ᠮᠥᠴᠡ  ᠶᠢ ᠲᠡᠮᠳᠡᠭᠯᠡᠵᠦ᠂ ᠠᠯᠠᠭ᠎ᠠ ᠲᠠᠰᠢᠬᠤ ᠲᠠᠭᠤᠨ ᠨᠢᠵᠢᠭᠢᠨᠡᠵᠦ ᠪᠠᠶᠢᠯ᠎ᠠ᠃       ᠴᠢᠩᠱᠠᠨ ᠲᠣᠭᠤᠷᠢᠭ ᠤᠨ ᠡᠯ᠎ᠡ ᠵᠡᠭᠡᠯᠢ ᠪᠠᠯᠭᠠᠰᠤ᠂ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ 14 ᠦᠵᠡᠭᠦᠯᠭᠡ ᠶᠢᠨ ᠡᠩᠨᠡᠭᠡ᠂ 1000 ᠭᠠᠷᠤᠢ ᠲᠣᠭᠯᠠᠭᠴᠢ ᠴᠣᠪᠣᠭᠤᠯᠢᠭ ᠯᠣᠣ ᠶᠢᠨ ᠲᠣᠭᠯᠠᠯᠲᠠ᠂ ᠬᠠᠩᠭᠢᠨᠠᠮ᠎ᠠ ᠬᠡᠩᠭᠡᠷᠭᠡ ᠶᠢᠨ ᠲᠣᠭᠯᠠᠯᠲᠠ᠂ ᠢᠳᠡᠷᠡᠭᠦᠨ ᠳᠣᠷᠪᠢᠲᠠᠢ ᠳᠡᠭᠡᠰᠦ ᠦᠰᠦᠷᠦᠯᠲᠡ ᠶᠢᠨ ᠲᠣᠭᠯᠠᠯᠲᠠ᠂ ᠪᠡᠶ᠎ᠡ ᠴᠢᠭᠢᠷᠠᠭᠵᠢᠭᠤᠯᠬᠤ ᠪᠥᠵᠢᠭ ᠤᠨ ᠲᠣᠭᠯᠠᠯᠲᠠ᠂ ᠪᠠᠶᠠᠷ ᠪᠠᠶᠠᠰᠬᠤᠯᠠᠩᠲᠤ ᠶᠠᠩᠭᠠᠷ᠂ ᠮᠣᠳᠣᠨ ᠬᠥᠯᠲᠦ ᠁ ᠁ ᠤᠯᠠᠮᠵᠢᠯᠠᠯᠲᠤ ᠪᠠᠶᠠᠷ ᠤᠨ ᠡᠳᠦᠷ ᠲᠤ ᠣᠨᠴᠠ ᠪᠠᠶᠢᠳᠠᠭ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ  ᠪᠠᠶᠠᠷ ᠤᠨ ᠡᠳᠦᠷ ᠤᠨ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠦᠯ᠎ᠡ︕       ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠪᠠᠶᠠᠷ ᠤᠨ ᠡᠳᠦᠷ ᠢ ᠪᠡᠯᠭᠡᠯᠡᠬᠦ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠤᠨ ᠪᠠᠶᠠᠷ ᠪᠣᠯ ᠳᠤᠮᠳᠠᠳᠤ  ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠮᠥᠨ᠂ ᠰᠡᠳᠬᠢᠯ  ᠢ ᠨᠢᠭᠲᠠᠷᠠᠭᠤᠯᠤᠨ ᠬᠦᠴᠦᠨ  ᠢ ᠨᠢᠭᠲᠠᠷᠠᠭᠤᠯᠬᠤ ᠣᠶᠤᠨ ᠰᠠᠨᠠᠭᠠᠨ ᠤ ᠬᠤᠯᠪᠣᠭᠠᠰᠤ ᠮᠥᠨ᠂ ᠴᠢᠩᠱᠠᠨ ᠲᠣᠭᠤᠷᠢᠭ ᠤᠨ ᠬᠢᠨ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠤᠯᠠᠨ ᠶᠠᠩᠵᠤ ᠶᠢᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠴᠢᠩᠱᠠᠨ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠤᠯᠠᠨ ᠤ ᠢᠲᠡᠭᠡᠯ ᠪᠠᠶᠠᠰᠤᠯ ᠲᠠᠢ᠂ ᠪᠦᠯᠬᠦᠮᠳᠡᠨ ᠲᠡᠮᠡᠴᠡᠵᠦ ᠪᠠᠶᠢᠭ᠎ᠠ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠤᠮᠠᠷᠠᠲᠤ ᠶᠢᠨ ᠰᠣᠶᠣᠯ ᠤᠨ ᠴᠡᠴᠡᠭᠯᠡᠯᠲᠡ ᠶᠢ ᠠᠬᠢᠭᠤᠯᠵᠤ᠂ ᠪᠤᠭᠤᠲᠤ ᠬᠤᠳᠠ ᠶᠢᠨ ᠰᠣᠶᠣᠯ ᠤᠨ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠳᠠ ᠶᠢᠨ ᠠᠷᠠᠳ ᠤᠯᠠᠨ ᠤ ᠰᠣᠶᠣᠯ ᠤᠨ ᠠᠮᠢᠳᠤᠷᠠᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠣᠷᠣᠯᠴᠠᠬᠤ ᠲᠥᠷᠥᠭᠳᠡᠯ ᠢ ᠲᠠᠰᠤᠷᠠᠯᠳᠡ ᠦᠭᠡᠢ ᠳᠡᠭᠡᠭᠰᠢᠯᠡᠭᠦᠯᠵᠡᠢ᠃
C:\Users\Administrator\Desktop\2024.2.26龙腾北疆庆元宵,多彩民俗耀青山\2.png
C:\Users\Administrator\Desktop\2024.2.26龙腾北疆庆元宵,多彩民俗耀青山\3.png
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号