ᠴᠢᠩᠱᠠᠨ ᠵᠠᠰᠠᠭ ᠲᠠᠷᠬᠠᠭᠠᠭᠰᠠᠨ〔2024〕2 ᠳ᠋ᠤᠭᠠᠷ ᠲᠣᠭᠠᠲᠤ | | ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ︽ᠴᠢᠩᠱᠠᠨ ᠲᠣᠭᠤᠷᠢᠭ ᠤᠨ ᠨᠡᠶᠢᠭᠡᠮ | ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠵᠦᠢᠯᠡᠰ ᠤᠨ ᠬᠠᠮᠢᠶᠠᠷᠤᠯᠲᠠ ᠶᠢᠨ ᠠᠷᠭ᠎ᠠ ︵ᠵᠠᠰᠠᠪᠤᠷᠢ | ᠣᠷᠣᠭᠤᠯᠤᠭᠰᠠᠨ︶︾ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ | | ᠡᠯ᠎ᠡ ᠬᠠᠮᠢᠶ᠎ᠠ ᠪᠦᠬᠦᠢ ᠨᠢᠭᠡᠴᠡ᠂ ᠵᠡᠭᠡᠯᠢ ᠪᠠᠯᠭᠠᠰᠤ᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ | ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠵᠦᠢᠯᠡᠰ ᠤᠨ | ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨᠤᠷᠳᠤᠨ | 2024 ᠣᠨ ᠤ 1 ᠰᠠᠷ᠎ᠠ ᠶᠢᠨ 19 ᠤ ᠡᠳᠦᠷ | | | ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠵᠦᠢᠯᠡᠰ ᠤᠨ | ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | | ᠨᠢᠭᠡᠳᠦᠭᠡᠷ ᠵᠦᠢᠯ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠲᠠᠰᠤᠷᠠᠯᠳᠠ ᠦᠭᠡᠢ | ᠭᠦᠨᠵᠡᠭᠡᠶᠢᠷᠡᠭᠦᠯᠦᠨ᠂ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠵᠠᠰᠠᠭ ᠵᠠᠬᠢᠷᠭᠠᠨᠴᠢᠯᠠᠬᠤ᠂ ᠪᠠᠶᠢᠭᠤᠯᠤᠯᠭᠠᠴᠢᠯᠠᠬᠤ ᠬᠡᠯᠪᠡᠷᠢᠯ ᠢ | ᠬᠤᠪᠢᠷᠠᠭᠤᠯᠵᠤ᠂ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠪᠠ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ᠂ | ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠨ ᠵᠠᠰᠠᠬᠤ ᠪᠠ ᠨᠡᠶᠢᠭᠡᠮ ᠤᠨ ᠥᠪᠡᠷ ᠢ ᠪᠠᠨ ᠲᠣᠬᠢᠷᠠᠭᠤᠯᠬᠤ᠂ | ᠰᠠᠭᠤᠭᠠᠯᠢ ᠠᠷᠠᠳ ᠭᠦᠢᠴᠡᠳ ᠥᠪᠡᠷᠲᠡᠭᠡᠨ ᠵᠠᠰᠠᠬᠤ ᠶᠢᠨ ᠰᠠᠶᠢᠨ ᠰᠠᠶᠢᠬᠠᠨ ᠬᠤᠷᠰᠢᠯᠴᠠᠭ᠎ᠠ ᠶᠢ ᠪᠡᠶᠡᠯᠡᠭᠦᠯᠬᠦ ᠶᠢᠨ | ᠲᠤᠰᠠᠳᠠ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠤᠨᠴᠠᠭᠠᠶᠢᠯᠠᠨ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠶᠢᠨ ᠵᠣᠷᠢᠯᠭ᠎ᠠ ᠪᠣᠯ ᠴᠢᠩᠱᠠᠨ ᠲᠣᠭᠤᠷᠢᠭ ᠤᠨ ᠰᠢᠨ᠎ᠡ ᠶᠢ | ᠡᠭᠦᠳᠦᠭᠰᠡᠨ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ | ᠨᠢᠭᠡ ᠠᠯᠬᠤᠮ ᠲᠣᠳᠣᠷᠬᠠᠶᠢᠯᠠᠨ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠭᠡᠳ ᠨᠡᠶᠢᠭᠡᠮ ᠲᠣᠭᠤᠷᠢᠭ ᠤᠨ | ᠬᠠᠷᠢᠴᠠᠭ᠎ᠠ ᠶᠢ ᠰᠢᠯᠤᠭᠤᠳᠬᠠᠵᠤ᠂ ᠨᠡᠶᠢᠭᠡᠮ ᠲᠣᠭᠤᠷᠢᠭ ᠤᠨ ᠳᠠᠷᠤᠭᠠᠰᠤ ᠶᠢ ᠬᠥᠩᠭᠡᠷᠡᠭᠦᠯᠦᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠠᠬᠢ ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ | ᠣᠷᠣᠭᠤᠯᠬᠤ ᠵᠦᠢᠯᠡᠰ ᠭᠡᠳᠡᠭ ᠨᠢ ᠦᠨᠳᠦᠰᠦᠨ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠲᠡᠭᠦᠨ ᠤ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ | ᠪᠣᠯᠪᠠᠴᠤ ᠨᠡᠶᠢᠭᠡᠮ ᠲᠣᠭᠤᠷᠢᠭ ᠠᠴᠠ ᠬᠠᠤᠯᠢ ᠶᠣᠰᠣᠭᠠᠷ ᠬᠠᠮᠵᠢᠯᠴᠠᠬᠤ ᠴᠢᠬᠤᠯᠠ ᠲᠠᠢ ᠵᠦᠢᠯᠡᠰ ︵ᠨᠡᠶᠢᠭᠡᠮ | ᠲᠣᠭᠤᠷᠢᠭ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠤᠨ ᠵᠦᠢᠯᠡᠰ | ᠡᠭᠦᠨ ᠳᠤ ᠪᠠᠭᠲᠠᠬᠤ ᠦᠭᠡᠢ︶ ᠢ ᠵᠢᠭᠠᠵᠤ ᠪᠤᠢ᠂ ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ | ᠳᠦᠷᠢᠮ ᠢ ᠬᠡᠷᠡᠭᠵᠢᠭᠦᠯᠦᠨ᠎ᠡ᠂ ᠪᠣᠳᠠᠲᠠᠢ ᠬᠡᠪᠴᠢᠶ᠎ᠡ ᠨᠢ ᠳᠣᠣᠷᠠᠬᠢ ᠮᠡᠲᠦ᠄ | ︵ᠨᠢᠭᠡ︶ ᠨᠡᠶᠢᠭᠡᠮ ᠲᠣᠭᠤᠷᠢᠭ ᠠᠴᠠ ᠵᠠᠰᠠᠭ ᠤᠨ ᠣᠷᠳᠣᠨ ᠤ ᠠᠵᠢᠯ ᠳᠤ ᠬᠠᠤᠯᠢ ᠶᠣᠰᠣᠭᠠᠷ ᠬᠠᠮᠵᠢᠯᠴᠠᠬᠤ | ᠵᠦᠢᠯᠡᠰ᠄ ᠬᠠᠤᠯᠢ ᠴᠠᠭᠠᠵᠠ ᠬᠠᠤᠯᠢ ᠲᠣᠭᠲᠠᠭᠠᠯ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠳᠤ ᠲᠣᠳᠣᠷᠬᠠᠢ ᠲᠣᠭᠲᠠᠭᠠᠭᠰᠠᠨ᠂ ᠲᠥᠷᠥ ᠶᠢᠨ ᠪᠣᠳᠣᠯᠭ᠎ᠠ ᠶᠢᠨ ᠪᠤᠰᠤ | ᠴᠢᠨᠠᠷᠲᠠᠢ᠂ ᠲᠤᠰᠬᠠᠢ ᠮᠡᠷᠭᠡᠵᠢᠯ ᠤᠨ ᠪᠤᠰᠤ ᠴᠢᠨᠠᠷᠲᠠᠢ᠂ ᠭᠤᠣᠯ ᠴᠣᠭᠴᠠ ᠶᠢᠨ ᠬᠠᠷᠢᠭᠤᠴᠠᠯᠭ᠎ᠠ ᠨᠢ ᠬᠤᠲᠠ ︵ᠰᠢᠶᠠᠨ᠂ | ᠲᠣᠭᠤᠷᠢᠭ︶ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠪᠠᠶᠢᠵᠤ᠂ ᠨᠡᠶᠢᠭᠡᠮ ᠲᠣᠭᠤᠷᠢᠭ ᠠᠴᠠ ᠵᠥᠪᠬᠡᠨ | ᠬᠠᠮᠵᠢᠯᠴᠠᠨ ᠥᠷᠨᠢᠭᠦᠯᠬᠦ ᠶᠢ ᠬᠠᠷᠢᠭᠤᠴᠠᠬᠤ ᠵᠦᠢᠯᠡᠰ᠃ | ︵ᠬᠤᠶᠠᠷ︶ ᠨᠡᠶᠢᠭᠡᠮ ᠲᠣᠭᠤᠷᠢᠭ ᠠᠴᠠ ᠭᠡᠷᠡᠴᠢ ᠬᠢᠵᠦ ᠥᠭᠬᠦ ᠵᠦᠢᠯᠡᠰ᠄ ᠬᠠᠤᠯᠢ ᠴᠠᠭᠠᠵᠠ ᠬᠠᠤᠯᠢ ᠲᠣᠭᠲᠠᠭᠠᠯ | ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠳᠤ | ᠲᠣᠳᠣᠷᠬᠠᠢ ᠲᠣᠭᠲᠠᠭᠠᠭᠰᠠᠨ ᠪᠥᠭᠡᠳ ᠨᠡᠶᠢᠭᠡᠮ ᠲᠣᠭᠤᠷᠢᠭ ᠠᠴᠠ ᠭᠡᠷᠡᠴᠢ ᠬᠢᠵᠦ ᠥᠭᠬᠦ ᠴᠢᠳᠠᠪᠤᠷᠢ ᠲᠠᠢ ᠵᠦᠢᠯᠡᠰ᠃ | | ᠳᠥᠷᠪᠡᠳᠦᠭᠡᠷ ᠵᠦᠢᠯ ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠶᠢ | ᠵᠥᠪᠰᠢᠶᠡᠷᠡᠬᠦ ᠪᠠᠶᠢᠭᠤᠯᠤᠮᠵᠢ ᠪᠣᠯ ᠴᠢᠩᠱᠠᠨ ᠲᠣᠭᠤᠷᠢᠭ ᠤᠨ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ | ᠵᠠᠰᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ︽ᠤᠳᠤᠷᠢᠳᠬᠤ ᠳᠤᠭᠤᠶᠢᠯᠠᠩ︾ ᠭᠡᠵᠦ | ᠲᠣᠪᠴᠢᠯᠠᠨ᠎ᠠ︶ ᠪᠣᠯᠣᠨ᠎ᠠ︔ ᠡᠳᠦᠷ ᠲᠤᠲᠤᠮ ᠤᠨ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠨ᠎ᠠ ︵ᠳᠣᠷᠣᠭᠰᠢ ︽ᠤᠳᠤᠷᠢᠳᠬᠤ ᠳᠤᠭᠤᠶᠢᠯᠠᠩ ᠤᠨ ᠠᠯᠪᠠᠨ ᠭᠡᠷ︾ | ᠭᠡᠵᠦ ᠲᠣᠪᠴᠢᠯᠠᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ | ᠲᠠᠰᠤᠭ ᠲᠤ ᠲᠣᠬᠢᠷᠠᠭᠤᠯᠤᠨ᠎ᠠ︶᠃ | ᠲᠠᠪᠤᠳᠤᠭᠠᠷ ᠵᠦᠢᠯ ᠴᠢᠩᠱᠠᠨ ᠲᠣᠭᠤᠷᠢᠭ ᠤᠨ ᠬᠤᠳᠠ ᠬᠥᠳᠡᠭᠡ ᠶᠢᠨ ᠨᠡᠶᠢᠭᠡᠮ ᠲᠣᠭᠤᠷᠢᠭ ᠢ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠪᠦᠬᠦ ᠲᠤᠭᠤᠷᠢᠭ ᠤᠨ ᠨᠡᠶᠢᠭᠡᠮ ᠲᠣᠭᠤᠷᠢᠭ ᠤᠨ ᠠᠵᠢᠯ ᠤᠨ | ᠵᠥᠪᠰᠢᠶᠡᠷᠡᠨ ᠣᠷᠣᠭᠤᠯᠬᠤ ᠵᠦᠢᠯᠡᠰ ᠤᠨ ᠨᠠᠷᠢᠨ ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ | ᠲᠣᠭᠤᠷᠢᠭ ᠤᠨ ᠡᠯ᠎ᠡ ᠰᠠᠯᠠᠭ᠎ᠠ ᠮᠥᠴᠢᠷ ᠤᠳ ᠨᠠᠷᠢᠨ ᠬᠠᠭᠤᠳᠠᠰᠤ ᠶᠢ ᠦᠨᠳᠦᠰᠦᠯᠡᠨ ᠨᠡᠶᠢᠭᠡᠮ ᠲᠣᠭᠤᠷᠢᠭ ᠤᠨ | ᠠᠵᠢᠯ ᠤᠨ ᠨᠠᠷᠢᠨ ᠵᠦᠢᠯᠡᠰ ᠢ ᠵᠢᠷᠤᠮᠵᠢᠭᠤᠯᠤᠨ᠂ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ | ᠠᠵᠢᠯ ᠤᠨ ᠵᠥᠪᠰᠢᠶᠡᠷᠡᠨ ᠣᠷᠣᠭᠤᠯᠬᠤ ᠵᠦᠢᠯᠡᠰ ᠤᠨ ᠨᠠᠷᠢᠨ ᠬᠠᠭᠤᠳᠠᠰᠤ ᠳᠤ ᠴᠢᠩᠱᠠᠨ ᠲᠣᠭᠤᠷᠢᠭ ᠤᠨ ᠨᠡᠶᠢᠭᠡᠮ | ᠲᠣᠭᠤᠷᠢᠭ ᠤᠨ ᠬᠠᠤᠯᠢ ᠶᠣᠰᠣᠭᠠᠷ ᠬᠠᠮᠵᠢᠯᠴᠠᠬᠤ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠴᠢᠩᠱᠠᠨ | ᠲᠣᠭᠤᠷᠢᠭ ᠤᠨ ᠨᠡᠶᠢᠭᠡᠮ ᠲᠣᠭᠤᠷᠢᠭ ᠤᠨ ᠭᠠᠷᠭᠠᠭᠰᠠᠨ ᠭᠡᠷᠡᠴᠢ ᠶᠢᠨ ᠨᠠᠷᠢᠨ ᠬᠠᠭᠤᠳᠠᠰᠤ ᠶᠢ ᠪᠠᠭᠲᠠᠭᠠᠵᠤ᠂ ︽ᠬᠤᠶᠠᠷ | ᠨᠠᠷᠢᠨ ᠬᠠᠭᠤᠳᠠᠰᠤ︾ ᠪᠣᠯ ᠪᠥᠬᠦ ᠲᠤᠭᠤᠷᠢᠭ ᠤᠨ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠢᠶᠠᠨ ᠥᠷᠨᠢᠭᠦᠯᠬᠦ | ᠯᠠᠪᠯᠠᠯᠲᠠ ᠶᠢᠨ ᠪᠠᠷᠢᠮᠵᠢᠶ᠎ᠠ ᠪᠣᠯᠣᠨ᠎ᠠ᠃ | | ᠬᠤᠶᠠᠳᠤᠭᠠᠷ ᠪᠦᠯᠦᠭ ᠤᠷᠤᠭᠤᠯᠬᠤ ᠶᠢ ᠵᠥᠪᠰᠢᠶᠡᠷᠡᠬᠦ ᠵᠠᠷᠴᠢᠮ | | ᠵᠢᠷᠭᠤᠳᠤᠭᠠᠷ ᠵᠦᠢᠯ ᠬᠠᠤᠯᠢ ᠶᠣᠰᠣᠭᠠᠷ ᠥᠪᠡᠷᠲᠡᠭᠡᠨ ᠵᠠᠰᠠᠬᠤ ᠵᠠᠷᠴᠢᠮ ᠢ ᠪᠠᠷᠢᠮᠲᠠᠯᠠᠨ᠎ᠠ᠃ ᠨᠡᠶᠢᠭᠡᠮ | ᠲᠣᠭᠤᠷᠢᠭ ᠤᠨ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ | ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠲᠡᠭᠦᠯᠳᠡᠷᠵᠢᠭᠦᠯᠵᠦ᠂ | ᠥᠪᠡᠷᠲᠡᠭᠡᠨ ᠵᠠᠰᠠᠬᠤ ᠠᠭᠤᠯᠭ᠎ᠠ ᠶᠢ ᠨᠡᠶᠢᠭᠡᠮ ᠲᠣᠭᠤᠷᠢᠭ ᠤᠨ ᠠᠵᠢᠯ ᠤᠨ ᠰᠠᠭᠤᠷᠢ ᠡᠭᠦᠷᠭᠡ ᠴᠢᠳᠠᠪᠤᠷᠢ ᠪᠠᠷ | ᠲᠣᠭᠲᠠᠭᠠᠵᠤ᠂ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠶᠢ ᠵᠢᠷᠤᠮᠵᠢᠭᠤᠯᠬᠤ᠂ ᠳᠦᠷᠢᠮᠵᠢᠭᠦᠯᠬᠦ ᠶᠢ ᠲᠦᠯᠬᠢᠨ | ᠠᠬᠢᠭᠤᠯᠤᠨ᠎ᠠ᠃ | ᠳᠣᠯᠣᠳᠤᠭᠠᠷ ᠵᠦᠢᠯ ᠠᠷᠠᠳ ᠤᠨ ᠠᠮᠢᠳᠤᠷᠠᠯ ᠢ ᠡᠩ ᠲᠡᠷᠢᠭᠦᠨ ᠲᠤ ᠪᠠᠶᠢᠯᠭᠠᠬᠤ ᠵᠠᠷᠴᠢᠮ ᠢ | ᠪᠠᠷᠢᠮᠲᠠᠯᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ | ᠲᠤᠬᠠᠶᠢᠯᠠᠭᠰᠠᠨ ᠠᠵᠢᠯ ᠤᠨ ᠬᠠᠮᠢᠶ᠎ᠠ ᠪᠦᠬᠦᠢ ᠨᠢᠭᠡᠴᠡ ︵︽ᠵᠥᠪᠰᠢᠶᠡᠷᠡᠨ ᠣᠷᠣᠭᠤᠯᠬᠤ ᠨᠢᠭᠡᠴᠡ︾ ᠭᠡᠵᠦ | ᠶᠡᠷᠦᠩᠬᠡᠶᠢᠯᠡᠨ ᠨᠡᠷᠡᠶᠢᠳᠦᠨ᠎ᠡ︶ ᠨᠢ ︽ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠭᠤᠣᠯᠳᠠᠯᠭ᠎ᠠ ᠶᠢ ᠳᠣᠷᠣᠭᠰᠢ | ᠰᠢᠯᠵᠢᠭᠦᠯᠬᠦ︾ ᠱᠠᠭᠠᠷᠳᠠᠯᠭ᠎ᠠ ᠶᠣᠰᠣᠭᠠᠷ᠂ ᠦᠨᠳᠦᠰᠦᠨ ᠱᠠᠲᠤᠨ ᠤ ᠵᠠᠰᠠᠯᠲᠠ ᠪᠠ ᠦᠢᠯᠡᠴᠢᠯᠡᠭᠡᠨ ᠳᠤ ᠬᠤᠯᠪᠣᠭᠳᠠᠬᠤ | ᠡᠭᠦᠷᠭᠡ ᠴᠢᠳᠠᠪᠤᠷᠢ ᠶᠢ ᠡᠩ ᠲᠡᠷᠢᠭᠦᠨ ᠳᠤ ᠨᠡᠶᠢᠭᠡᠮ ᠲᠣᠭᠤᠷᠢᠭ ᠲᠤ ᠪᠠᠭᠤᠯᠭᠠᠵᠤ᠂ ᠣᠯᠠᠨ ᠲᠦᠮᠡᠨ ᠳᠤ ᠲᠤᠰᠬᠠᠢ | ᠮᠡᠷᠭᠡᠵᠢᠯ᠂ ᠳᠥᠭᠦᠮ ᠳᠥᠲᠡ ᠦᠢᠯᠡᠴᠢᠯᠡᠭᠡ ᠬᠠᠩᠭᠠᠬᠤ ᠶᠢᠨ ᠬᠠᠮᠲᠤ ᠨᠡᠶᠢᠭᠡᠮ ᠲᠣᠭᠤᠷᠢᠭ ᠤᠨ ᠡᠯ᠎ᠡ ᠵᠦᠢᠯ ᠤᠨ | ᠠᠵᠢᠯ ᠦᠢᠯᠡᠰ ᠤᠨ ᠬᠥᠭᠵᠢᠯᠲᠡ ᠶᠢ ᠳᠡᠮᠵᠢᠨ᠎ᠡ᠃ | ᠨᠠᠢᠮᠠᠳᠤᠭᠠᠷ ᠵᠦᠢᠯ ᠲᠣᠭᠲᠠᠭᠠᠯ ᠶᠣᠰᠣᠭᠠᠷ ᠵᠥᠪᠰᠢᠶᠡᠷᠡᠨ ᠣᠷᠣᠭᠤᠯᠬᠤ ᠵᠠᠷᠴᠢᠮ ᠢ ᠪᠠᠷᠢᠮᠲᠠᠯᠠᠨ᠎ᠠ᠃ | ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠵᠦᠢᠯ ᠤᠨ ᠬᠡᠪᠴᠢᠶᠡᠨ ᠲᠤ ᠣᠷᠣᠭᠤᠯᠤᠭᠰᠠᠨ | ᠨᠠᠷᠢᠨ ᠬᠠᠭᠤᠳᠠᠰᠦᠨ ᠳᠤ ᠨᠡᠶᠢᠭᠡᠮ ᠲᠣᠭᠤᠷᠢᠭ ᠨᠢ ᠱᠠᠭᠠᠷᠳᠠᠯᠭ᠎ᠠ ᠶᠣᠰᠣᠭᠠᠷ ᠵᠣᠬᠢᠴᠠᠩᠭᠤᠢ ᠠᠵᠢᠯ ᠢ ᠡᠭᠦᠷᠭᠡᠯᠡᠬᠦ | ᠬᠡᠷᠡᠭᠲᠡᠢ᠃ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠨᠡᠶᠢᠭᠡᠮ ᠲᠣᠭᠤᠷᠢᠭ ᠲᠤ ᠳᠤᠷ᠎ᠠ ᠪᠠᠷ ᠢᠶᠠᠨ ᠣᠷᠣᠭᠰᠠᠨ | ᠠᠭᠤᠯᠭ᠎ᠠ ᠶᠢ ᠬᠡᠷᠡᠭᠵᠢᠭᠦᠯᠬᠦ ᠶᠢ ᠲᠡᠪᠴᠢᠬᠦ ᠶᠢᠨ ᠬᠠᠮᠲᠤ ᠬᠤᠭᠤᠴᠠᠭ᠎ᠠ ᠬᠢᠵᠠᠭᠠᠷᠯᠠᠨ ᠮᠡᠳᠡᠭᠦᠯᠦᠨ ᠵᠥᠪᠰᠢᠶᠡᠷᠡᠭᠦᠯᠬᠦ | ᠬᠡᠷᠡᠭᠲᠡᠢ᠃ | ᠶᠢᠰᠦᠳᠦᠭᠡᠷ ᠵᠦᠢᠯ ︽ᠡᠷᠬᠡ ᠶᠢ ᠬᠠᠷᠢᠭᠤᠴᠠᠯᠭ᠎ᠠ ᠶᠢ ᠳᠠᠭᠠᠵᠤ ᠶᠠᠪᠤᠬᠤ᠂ ᠵᠠᠷᠤᠳᠠᠯ ᠨᠢ ᠬᠡᠷᠡᠭ | ᠶᠠᠪᠤᠳᠠᠯ ᠢ ᠳᠠᠭᠠᠵᠤ ᠬᠤᠪᠢᠷᠠᠭᠤᠯᠬᠤ︾ ᠵᠠᠷᠴᠢᠮ ᠢ ᠪᠠᠷᠢᠮᠲᠠᠯᠠᠨ᠎ᠠ᠃ ᠨᠡᠶᠢᠭᠡᠮ ᠲᠣᠭᠤᠷᠢᠭ ᠠᠴᠠ ᠬᠠᠪᠰᠤᠷᠤᠨ | ᠪᠡᠶᠡᠯᠡᠭᠦᠯᠬᠦ ᠴᠢᠬᠤᠯᠠ ᠲᠠᠢ ᠱᠠᠲᠤ ᠦᠶ᠎ᠡ ᠶᠢᠨ ᠴᠢᠨᠠᠷᠲᠠᠢ ᠠᠵᠢᠯ ᠤᠨ ᠵᠦᠢᠯᠡᠰ ᠲᠤ ᠡᠷᠬᠡ ᠣᠯᠭᠤᠬᠤ ᠠᠭᠤᠯᠭ᠎ᠠ᠂ | ᠡᠲᠡᠭᠡᠳ᠂ ᠡᠷᠬᠡ ᠶᠢᠨ ᠬᠢᠵᠠᠭᠠᠷ᠂ ᠴᠠᠭ ᠬᠤᠭᠤᠴᠠᠭ᠎ᠠ᠂ ᠬᠠᠷᠠᠯᠲᠠ ᠶᠢᠨ ᠡᠭᠦᠷᠭᠡ᠂ ᠱᠠᠭᠠᠷᠳᠠᠯᠭ᠎ᠠ ᠵᠢᠴᠢ ᠵᠠᠷᠤᠳᠠᠯ ᠢ | ᠬᠢᠨᠠᠨ ᠲᠣᠭᠲᠠᠭᠠᠬᠤ ᠪᠠ ᠰᠠᠯᠭᠠᠨ ᠥᠭᠬᠦ ᠵᠡᠷᠭᠡ ᠵᠦᠢᠯᠡᠰ ᠢ ᠲᠣᠳᠣᠷᠬᠠᠶᠢᠯᠠᠬᠤ ᠬᠡᠷᠡᠭᠲᠡᠢ᠃ | | ᠭᠤᠷᠪᠠᠳᠤᠭᠠᠷ ᠪᠦᠯᠦᠭ ᠤᠷᠤᠭᠤᠯᠬᠤ ᠶᠢ ᠵᠥᠪᠰᠢᠶᠡᠷᠡᠬᠦ ᠵᠦᠢᠯᠡᠰ ᠤᠨ ᠡᠷᠬᠡ ᠬᠠᠷᠢᠭᠤᠴᠠᠯᠭ᠎ᠠ | | ᠠᠷᠪᠠᠳᠤᠭᠠᠷ ᠵᠦᠢᠯ ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠵᠦᠢᠯ ᠳᠤ᠂ | ᠨᠡᠶᠢᠭᠡᠮ ᠲᠣᠭᠤᠷᠢᠭ ᠤᠨ ᠬᠠᠤᠯᠢ ᠶᠣᠰᠣᠭᠠᠷ ᠬᠠᠮᠵᠢᠯᠴᠠᠭᠰᠠᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ | ᠨᠢ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠵᠡᠭᠡᠯᠢ ᠭᠤᠳᠤᠮᠵᠢ ︵ᠪᠠᠯᠭᠠᠰᠤ︶ ᠳᠤ ᠪᠠᠶᠢᠵᠤ᠂ | ᠨᠡᠶᠢᠭᠡᠮ ᠲᠣᠭᠤᠷᠢᠭ ᠨᠢ ᠵᠥᠪᠬᠡᠨ ᠬᠠᠮᠵᠢᠯᠴᠠᠨ ᠥᠷᠨᠢᠭᠦᠯᠬᠦ ᠶᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠡᠯ᠎ᠡ ᠰᠠᠯᠠᠭ᠎ᠠ ᠮᠥᠴᠢᠷ ᠪᠠ ᠵᠡᠭᠡᠯᠢ ᠭᠤᠳᠤᠮᠵᠢ ︵ᠪᠠᠯᠭᠠᠰᠤ︶ ᠨᠤᠭᠤᠳ | ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠲᠠᠬᠢ ᠠᠵᠢᠯ ᠤᠨ ᠡᠭᠦᠷᠭᠡ ᠪᠠᠨ ᠨᠡᠶᠢᠭᠡᠮ | ᠲᠣᠭᠤᠷᠢᠭ ᠲᠤ ᠰᠢᠯᠵᠢᠭᠦᠯᠦᠨ ᠥᠭᠴᠦ ᠡᠭᠦᠷᠭᠡᠯᠡᠭᠦᠯᠵᠦ ᠪᠣᠯᠬᠤ ᠦᠭᠡᠢ᠂ ᠵᠠᠰᠠᠭ ᠵᠠᠬᠢᠷᠭᠠᠨ ᠤ ᠵᠠᠷᠯᠢᠭᠳᠠᠬᠤ ᠠᠷᠭ᠎ᠠ | ᠮᠠᠶ᠋ᠢᠭ ᠢᠶᠠᠷ ᠨᠡᠶᠢᠭᠡᠮ ᠲᠣᠭᠤᠷᠢᠭ ᠲᠤ ᠡᠭᠦᠷᠭᠡ ᠳᠠᠭᠠᠭᠠᠯᠭᠠᠵᠤ᠂ ᠭᠦᠢᠴᠡᠳᠬᠡᠬᠦ ᠲᠤᠭ᠎ᠠ ᠪᠠᠭᠤᠯᠭᠠᠵᠤ ᠪᠣᠯᠬᠤ ᠦᠭᠡᠢ᠃ | | ᠠᠷᠪᠠᠨ ᠬᠤᠶᠠᠳᠤᠭᠠᠷ ᠵᠦᠢᠯ ᠨᠡᠶᠢᠭᠡᠮ ᠲᠣᠭᠤᠷᠢᠭ ᠨᠢ ᠵᠥᠪᠬᠡᠨ ᠰᠠᠭᠤᠭᠠᠯᠢ ᠠᠷᠠᠳ ᠲᠠᠢ ᠬᠠᠷᠢᠯᠴᠠᠬᠤ᠂ | ᠡᠷᠥᠭᠡ ᠲᠤ ᠬᠠᠮᠵᠢᠯᠴᠠᠬᠤ᠂ ᠵᠣᠬᠢᠶᠠᠨ ᠪᠠᠶᠢᠭᠤᠯᠤᠨ ᠳᠠᠶᠢᠴᠢᠯᠠᠬᠤ᠂ ᠤᠬᠠᠭᠤᠯᠭ᠎ᠠ ᠬᠥᠮᠦᠵᠢᠯ ᠬᠢᠬᠦ᠂ ᠭᠤᠮᠣᠳᠠᠯ | ᠲᠣᠭᠠᠴᠢᠯᠲᠠ ᠶᠢ ᠲᠤᠰᠬᠠᠬᠤ᠂ ᠵᠢᠴᠢ ᠲᠤᠰᠬᠠᠢ ᠮᠡᠷᠭᠡᠵᠢᠯ ᠤᠨ ᠪᠤᠰᠤ ᠴᠢᠨᠠᠷᠲᠠᠢ ᠠᠵᠢᠯ ᠤᠨ ᠡᠭᠦᠷᠭᠡ ᠶᠢ | ᠢᠯᠡᠷᠡᠭᠦᠯᠦᠭᠰᠡᠨ ᠮᠡᠳᠡᠭᠦᠯᠦᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠪᠰᠤᠷᠤᠨ ᠭᠦᠢᠴᠡᠳᠬᠡᠬᠦ ᠶᠢ | ᠬᠠᠷᠢᠭᠤᠴᠠᠨ᠎ᠠ᠂ ᠨᠡᠶᠢᠭᠡᠮ ᠲᠣᠭᠤᠷᠢᠭ ᠢᠶᠠᠷ ᠭᠤᠣᠯ ᠬᠠᠷᠢᠭᠤᠴᠠᠬᠤ ᠨᠢᠭᠡᠴᠡ ᠪᠣᠯᠭᠠᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠨᠡᠶᠢᠭᠡᠮ ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ | ᠲᠤ ᠬᠠᠷᠢᠶᠠᠯᠠᠭᠳᠠᠬᠤ ᠦᠭᠡᠢ ᠪᠣᠯᠪᠠᠴᠤ ᠦᠨᠡᠨᠬᠦ ᠨᠡᠶᠢᠭᠡᠮ ᠲᠣᠭᠤᠷᠢᠭ ᠠᠴᠠ ᠬᠠᠪᠰᠤᠷᠤᠨ ᠪᠡᠶᠡᠯᠡᠭᠦᠯᠬᠦ ᠴᠢᠬᠤᠯᠠ ᠲᠠᠢ | ᠱᠠᠲᠤ ᠦᠶ᠎ᠡ ᠶᠢᠨ ᠴᠢᠨᠠᠷᠲᠠᠢ᠂ ᠲᠥᠷ ᠴᠠᠭ ᠤᠨ ᠴᠢᠨᠠᠷᠲᠠᠢ ᠠᠵᠢᠯ ᠪᠥᠬᠦᠨ ᠲᠤ ᠵᠥᠪᠰᠢᠶᠡᠷᠡᠨ ᠣᠷᠣᠭᠤᠯᠬᠤ ᠶᠢ | ᠬᠢᠨᠠᠨ ᠵᠥᠪᠰᠢᠶᠡᠷᠡᠬᠦ ᠴᠤᠪᠤᠷᠠᠯ ᠢ ᠡᠷᠬᠡᠪᠰᠢ ᠪᠡᠶᠡᠯᠡᠭᠦᠯᠵᠦ᠂ ᠬᠢᠨᠠᠨ ᠵᠥᠪᠰᠢᠶᠡᠷᠡᠵᠦ ᠪᠠᠲᠤᠯᠠᠭᠳᠠᠭᠰᠠᠨ ᠤ ᠲᠠᠷᠠᠭ᠎ᠠ᠂ | ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠦᠷᠦᠭᠦᠯᠡᠨ ᠠᠵᠢᠯ ᠤᠨ ᠴᠤᠪᠤᠷᠠᠯ ᠢ | ᠡᠮᠬᠢᠯᠡᠨ ᠲᠢᠭᠯᠡᠵᠦ᠂ ᠰᠠᠯᠠᠭ᠎ᠠ ᠮᠥᠴᠢᠷ ᠬᠢᠭᠡᠳ ᠨᠡᠶᠢᠭᠡᠮ ᠲᠣᠭᠤᠷᠢᠭ ᠤᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠨᠡᠶᠢᠭᠡᠮ ᠲᠣᠭᠤᠷᠢᠭ ᠤᠨ ᠠᠵᠢᠯ ᠲᠤ ᠴᠢᠬᠤᠯᠠ ᠪᠦᠬᠦᠢ ᠪᠣᠯᠪᠠᠰᠤᠷᠠᠭᠤᠯᠤᠯ ᠬᠢᠬᠦ ᠶᠢᠨ ᠵᠡᠷᠭᠡᠴᠡᠪᠡᠷ | ︽ᠡᠷᠬᠡ ᠶᠢ ᠬᠠᠷᠢᠭᠤᠴᠠᠯᠭ᠎ᠠ ᠶᠢᠨ ᠳᠠᠭᠠᠤ ᠶᠠᠪᠤᠭᠤᠯᠵᠤ᠂ ᠵᠠᠷᠤᠳᠠᠯ ᠢ ᠠᠵᠢᠯ ᠶᠠᠪᠤᠳᠠᠯ ᠤᠨ ᠳᠠᠭᠠᠤ ᠰᠢᠯᠵᠢᠭᠦᠯᠬᠦ︾ | ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠢᠶᠠᠨ ᠪᠡᠶᠡᠯᠡᠭᠦᠯᠦᠭᠰᠡᠨ ᠤ ᠳᠠᠷᠠᠭ᠎ᠠ ᠵᠠᠷᠴᠢᠮ ᠳᠡᠭᠡᠷ᠎ᠡ ᠪᠠᠨ | ᠣᠷᠳᠣ ᠬᠤᠭᠤᠴᠠᠭ᠎ᠠ ᠪᠠᠷ ᠪᠤᠶᠤ ᠥᠨᠢ ᠡᠭᠦᠷᠢᠳᠡ ᠦᠯᠡᠳᠡᠭᠡᠬᠦ ᠡᠬᠡ ᠲᠠᠩᠰᠠ ᠪᠠᠶᠢᠭᠤᠯᠬᠤ ᠪᠠᠷ ᠱᠠᠭᠠᠷᠳᠠᠵᠤ ᠪᠣᠯᠬᠤ | ᠦᠭᠡᠢ᠃ | ᠠᠷᠪᠠᠨ ᠳᠥᠷᠪᠡᠳᠦᠭᠡᠷ ᠵᠦᠢᠯ ᠵᠥᠪᠰᠢᠶᠡᠷᠡᠨ ᠣᠷᠣᠭᠤᠯᠬᠤ ᠵᠦᠢᠯᠡᠰ ᠲᠤ ᠰᠦᠯᠵᠢᠶᠡᠨ ᠤ ᠬᠢᠨᠠᠯᠲᠠ | ᠬᠠᠮᠢᠶᠠᠷᠤᠯᠲᠠ ᠶᠢᠨ ᠡᠭᠦᠷᠭᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ | ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠨᠠᠮ | ᠠᠯᠪᠠᠨ ᠲᠠᠷᠬᠠᠭᠠᠭᠰᠠᠨ ﹇2019﹈ 22 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ | ᠲᠣᠭᠤᠷᠢᠭ᠂ ᠵᠡᠭᠡᠯᠢ ᠪᠠᠯᠭᠠᠰᠤ᠂ ᠨᠡᠶᠢᠭᠡᠮ ᠲᠣᠭᠤᠷᠢᠭ ᠭᠤᠷᠪᠠᠨ ᠱᠠᠲᠤᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ | ᠲᠤᠤᠷᠴᠢᠯᠠᠯ ᠤᠨ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠥᠪᠰᠢᠶᠡᠷᠡᠨ ᠣᠷᠣᠭᠤᠯᠬᠤ | ᠵᠦᠢᠯᠡᠰ ᠢ ᠲᠤᠤᠷᠴᠢᠯᠠᠯ ᠲᠤ ᠲᠣᠮᠢᠯᠠᠨ᠂ ᠲᠤᠤᠷᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠪᠠ ᠵᠦᠢᠯᠡᠰ ᠢ | ᠵᠦᠢ ᠵᠣᠬᠢᠰᠲᠠᠢ ᠲᠣᠭᠲᠠᠭᠠᠵᠤ᠂ ᠬᠥᠮᠥᠨ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠶᠢ | ᠲᠣᠭᠲᠠᠭᠠᠬᠤ ᠶᠢ ᠪᠡᠶᠡᠯᠡᠭᠦᠯᠦᠨ᠎ᠡ᠃ | | ᠳᠥᠷᠪᠡᠳᠦᠭᠡᠷ ᠪᠦᠯᠦᠭ ᠤᠷᠤᠭᠤᠯᠬᠤ ᠶᠢ ᠵᠥᠪᠰᠢᠶᠡᠷᠡᠬᠦ ᠵᠢᠷᠤᠮ | | ᠠᠷᠪᠠᠨ ᠲᠠᠪᠤᠳᠤᠭᠠᠷ ᠵᠦᠢᠯ ᠨᠡᠶᠢᠭᠡᠮ ᠲᠣᠭᠤᠷᠢᠭ ᠤᠨ ᠵᠥᠪᠰᠢᠶᠡᠷᠡᠨ ᠣᠷᠣᠭᠤᠯᠬᠤ ᠬᠤᠶᠠᠷ ᠲᠥᠷᠥᠯ | ᠤᠨ ᠬᠡᠪᠴᠢᠶᠡᠨ ᠲᠤ ᠨᠡᠶᠢᠴᠡᠵᠦ᠂ ᠨᠡᠶᠢᠭᠡᠮ ᠲᠣᠭᠤᠷᠢᠭ ᠡᠴᠠᠦᠨᠡᠨᠬᠦ ᠬᠠᠤᠯᠢ ᠶᠣᠰᠣᠭᠠᠷ ᠬᠠᠮᠵᠢᠯᠴᠠᠬᠤ᠂ ᠬᠠᠤᠯᠢ | ᠶᠣᠰᠣᠭᠠᠷ ᠭᠡᠷᠡᠴᠢ ᠬᠢᠵᠦ ᠥᠭᠬᠦ ᠴᠢᠬᠤᠯᠠ ᠲᠠᠢ ᠠᠵᠢᠯ ᠤᠨ ᠵᠦᠢᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠲᠤ ᠴᠠᠭ ᠲᠤᠬᠠᠢ ᠲᠤᠨᠢ ᠮᠡᠳᠡᠭᠦᠯᠬᠦ ᠬᠡᠷᠡᠭᠲᠡᠢ᠃ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ | ᠠᠵᠢᠯ ᠤᠨ ᠵᠥᠪᠰᠢᠶᠡᠷᠡᠨ ᠣᠷᠣᠭᠤᠯᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠲᠠᠭᠯᠠᠨ ᠪᠢᠴᠢᠬᠦ ᠶᠢᠨ ᠬᠠᠮᠲᠤ᠂ | ᠠᠵᠢᠯ ᠤᠨ ᠡᠭᠦᠷᠭᠡ᠂ ᠪᠣᠳᠠᠲᠠᠢ ᠠᠭᠤᠯᠭ᠎ᠠ᠂ ᠠᠵᠢᠯ ᠤᠨ ᠬᠤᠭᠤᠴᠠᠭ᠎ᠠ ᠬᠢᠵᠠᠭᠠᠷ᠂ ᠬᠡᠷᠡᠭᠵᠢᠭᠦᠯᠬᠦ ᠬᠡᠪᠴᠢᠶ᠎ᠡ᠂ | ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠵᠡᠷᠭᠡ ᠪᠠᠨ ᠲᠣᠳᠣᠷᠬᠠᠶᠢᠯᠠᠵᠤ ᠬᠤᠲᠠ ᠬᠥᠳᠡᠭᠡ ᠶᠢᠨ ᠨᠡᠶᠢᠭᠡᠮ | ᠲᠣᠭᠤᠷᠢᠭ ᠤᠨ ᠵᠠᠰᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠪᠢᠴᠢᠭᠯᠡᠭᠰᠡᠨ ᠭᠤᠶᠤᠴᠢᠯᠠᠯ | ᠭᠠᠷᠭᠠᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ︽ᠬᠤᠶᠠᠷ ᠨᠠᠷᠢᠨ ᠲᠠᠩᠰᠠ︾ ᠳᠤ ᠣᠷᠣᠭᠤᠯᠬᠤ | ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠭᠤᠶᠤᠴᠢᠯᠠᠬᠤ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠨᠡᠶᠢᠭᠡᠮ ᠲᠣᠭᠤᠷᠢᠭ ᠤᠨ ᠵᠦᠢᠯᠡᠰ ᠢ ᠳᠣᠷᠣᠭᠰᠢ | ᠪᠠᠭᠤᠯᠭᠠᠬᠤ ᠪᠠᠷ ᠲᠥᠯᠥᠪᠯᠡᠬᠦ ᠠᠴᠠ ᠡᠮᠦᠨ᠎ᠡ᠂ ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯ ᠤᠨ | ᠵᠥᠪᠰᠢᠶᠡᠷᠡᠨ ᠣᠷᠣᠭᠤᠯᠬᠤ ᠶᠢ ᠬᠢᠨᠠᠨ ᠵᠥᠪᠰᠢᠶᠡᠷᠡᠬᠦ ᠬᠦᠰᠦᠨᠦᠭᠲᠦ︾ ᠶᠢ ᠲᠠᠭᠯᠠᠨ ᠪᠢᠴᠢᠬᠦ ᠬᠡᠷᠡᠭᠲᠡᠢ᠂ ᠠᠭᠤᠯᠭ᠎ᠠ | ᠳᠤᠨᠢ ᠵᠥᠪᠰᠢᠶᠡᠷᠡᠨ ᠣᠷᠣᠭᠤᠯᠬᠤ ᠵᠦᠢᠯᠡᠰ ᠤᠨ ᠦᠨᠳᠦᠰᠦᠯᠡᠯ ︵ᠪᠢᠴᠢᠭ ᠮᠠᠲ᠋ᠧᠷᠢᠶᠠᠯ ᠤᠨ ᠲᠤᠯᠭᠠᠭᠤᠷᠢᠯᠠᠯ︶᠂ | ᠠᠵᠢᠯ ᠤᠨ ᠬᠤᠭᠤᠴᠠᠭ᠎ᠠ ᠬᠢᠵᠠᠭᠠᠷ᠂ ᠠᠵᠢᠯᠲᠠᠨ ᠤ ᠲᠣᠬᠢᠷᠠᠭᠤᠯᠤᠯᠲᠠ᠂ ᠳᠣᠷᠣᠭᠰᠢ ᠪᠠᠭᠤᠯᠭᠠᠬᠤ ᠨᠡᠶᠢᠭᠡᠮ | ᠲᠣᠭᠤᠷᠢᠭ ᠤᠨ ᠵᠣᠬᠢᠬᠤ ᠡᠷᠬᠡ ᠠᠰᠢᠭ᠂ ᠢᠵᠢ ᠪᠦᠷᠢᠳᠦᠭᠦᠯᠬᠦ ᠵᠠᠷᠤᠳᠠᠯ ᠵᠡᠷᠭᠡ ᠶᠢ ᠪᠠᠭᠲᠠᠭᠠᠨ᠎ᠠ᠃ | ᠠᠷᠪᠠᠨ ᠳᠣᠯᠣᠳᠤᠭᠠᠷ ᠵᠦᠢᠯ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ | ︵ᠨᠢᠭᠡ︶ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ | ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠬᠠᠮᠢᠶ᠎ᠠ ᠪᠦᠬᠦᠢ ᠤᠳᠤᠷᠢᠳᠬᠤ ᠪᠠᠭ ᠤᠨ ᠪᠦᠷᠢᠯᠳᠦᠭᠦᠨ ᠢᠶᠠᠷ ᠳᠤᠭᠤᠶᠢᠯᠠᠩ ᠤᠨ ᠳᠡᠳ᠋ ᠳᠠᠷᠤᠭ᠎ᠠ | ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ | ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠲᠤ | ᠪᠠᠶᠢᠷᠢᠯᠠᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠪᠠᠷ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠳᠠᠷᠤᠭ᠎ᠠ ᠪᠠᠷ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠵᠥᠪᠰᠢᠶᠡᠷᠡᠨ ᠣᠷᠣᠭᠤᠯᠬᠤ ᠪᠠᠷ | ᠭᠤᠶᠤᠴᠢᠯᠠᠬᠤ ᠵᠦᠢᠯᠡᠰ ᠪᠠ ᠤᠬᠤᠷᠢᠨ ᠭᠠᠷᠬᠤ ᠵᠦᠢᠯᠡᠰ ᠢ ᠲᠣᠭᠤᠷᠢᠭ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠠᠴᠠ ᠨᠢᠭᠡᠳᠦᠯᠲᠡᠢ ᠭᠥᠯᠢᠶᠡᠨ ᠠᠪᠴᠤ ᠳᠡᠩᠰᠡᠯᠡᠨ ᠲᠡᠮᠳᠡᠭᠯᠡᠵᠦ᠂ ᠵᠠᠷᠴᠢᠮ ᠳᠡᠭᠡᠷ᠎ᠡ ᠪᠠᠨ ᠵᠢᠯ ᠪᠦᠷᠢ ᠶᠢᠨ | ᠵᠢᠯ ᠤᠨ ᠡᠴᠦᠰ ᠲᠤ ᠨᠢᠭᠡ ᠤᠳᠠᠭ᠎ᠠ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ᠎ᠡ᠃ | ︵ᠬᠤᠶᠠᠷ︶ ᠲᠣᠭᠤᠷᠢᠭ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠵᠣᠬᠢᠬᠤ ᠬᠡᠪᠴᠢᠶᠡᠨ | ᠳᠣᠲᠣᠷ᠎ᠠ ᠵᠡᠭᠡᠯᠢ ᠭᠤᠳᠤᠮᠵᠢ ︵ᠪᠠᠯᠭᠠᠰᠤ︶᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠥᠯᠥᠭᠡᠯᠡᠭᠴᠢ ᠪᠠ | ᠬᠠᠮᠢᠶ᠎ᠠ ᠪᠦᠬᠦᠢ ᠰᠠᠯᠠᠭ᠎ᠠ ᠮᠥᠴᠢᠷ ᠵᠡᠷᠭᠡ ᠶᠢ ᠵᠣᠬᠢᠶᠠᠨ ᠪᠠᠶᠢᠭᠤᠯᠵᠤ ᠰᠠᠨᠠᠯ ᠬᠤᠷᠢᠶᠠᠬᠤ ᠪᠤᠶᠤ ᠭᠡᠷᠡᠴᠢᠯᠡᠭᠡ | ᠰᠣᠨᠣᠰᠬᠤ ᠬᠤᠷᠠᠯ ᠬᠤᠷᠠᠯᠳᠤᠭᠤᠯᠤᠨ᠎ᠠ᠃ | ︵ᠭᠤᠷᠪᠠ︶ ᠲᠣᠭᠤᠷᠢᠭ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠭᠤᠶᠤᠴᠢᠯᠠᠭᠰᠠᠨ ᠵᠦᠢᠯᠡᠰ ᠢ | ᠦᠨᠳᠦᠰᠦᠯᠡᠨ ᠦᠨᠡᠯᠡᠨ ᠵᠢᠱᠢᠵᠦ ᠵᠠᠳᠠᠯᠤᠯᠲᠠ ᠬᠢᠵᠦ᠂ ᠨᠡᠶᠢᠭᠡᠮ ᠲᠤᠭᠤᠷᠢᠭ ᠲᠤ ᠣᠷᠣᠬᠤ ᠶᠢ ᠵᠥᠪᠰᠢᠶᠡᠷᠡᠬᠦ ᠠᠩᠬ᠎ᠠ | ᠬᠢᠨᠠᠯᠲᠠ ᠶᠢᠨ ᠰᠠᠨᠠᠯ ᠢ ᠳᠤᠷᠠᠳᠤᠨ᠎ᠠ᠃ | ︵ᠳᠥᠷᠪᠡ︶ ᠤᠳᠤᠷᠢᠳᠬᠤ ᠳᠤᠭᠤᠶᠢᠯᠠᠩ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠡᠯ᠎ᠡ ᠰᠠᠯᠠᠭ᠎ᠠ | ᠮᠥᠴᠢᠷ᠂ ᠡᠯ᠎ᠡ ᠨᠢᠭᠡᠴᠡ ᠶᠢᠨ ᠵᠥᠪᠰᠢᠶᠡᠷᠡᠨ ᠣᠷᠣᠭᠤᠯᠬᠤ ᠵᠦᠢᠯᠡᠰ ᠢ ᠬᠢᠨᠠᠨ ᠵᠥᠪᠰᠢᠶᠡᠷᠡᠨ᠎ᠡ᠃ | ︵ᠲᠠᠪᠤ︶ ᠨᠡᠶᠢᠭᠡᠮ ᠲᠣᠭᠤᠷᠢᠭ ᠲᠤ ᠪᠠᠴᠢᠮ ᠳᠣᠷᠣᠭᠰᠢ ᠪᠠᠭᠤᠯᠭᠠᠬᠤ ᠴᠢᠬᠤᠯᠠ ᠲᠠᠢ ᠱᠠᠲᠤ ᠦᠶ᠎ᠡ ᠶᠢᠨ | ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯ ᠤᠨ ᠵᠦᠢᠯᠡᠰ ᠢ ᠤᠳᠤᠷᠢᠳᠬᠤ ᠳᠤᠭᠤᠶᠢᠯᠠᠩ ᠤᠨᠠᠯᠪᠠᠨ ᠭᠡᠷ ᠲᠤ | ᠬᠢᠨᠠᠨ ᠵᠥᠪᠰᠢᠶᠡᠷᠡᠭᠦᠯᠬᠦ ᠬᠦᠰᠦᠨᠦᠭᠲᠦ ᠪᠠᠨ ᠲᠤᠰᠢᠶᠠᠵᠤ᠂ ᠤᠳᠤᠷᠢᠳᠬᠤ ᠳᠤᠭᠤᠶᠢᠯᠠᠩ ᠤᠨ ᠳᠤᠭᠤᠶᠢᠯᠠᠩ ᠤᠨ | ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠠᠴᠠ ᠬᠢᠨᠠᠨ ᠭᠠᠷ ᠤᠨ ᠥᠰᠥᠭ ᠵᠢᠷᠤᠵᠤ ᠵᠥᠪᠰᠢᠶᠡᠷᠡᠭᠰᠡᠨ ᠤ ᠲᠠᠷᠠᠭ᠎ᠠ | ᠵᠥᠪᠰᠢᠶᠡᠷᠡᠨ ᠣᠷᠣᠭᠤᠯᠵᠤ᠂ ᠴᠢᠬᠤᠯᠠ ᠲᠠᠢ ᠦᠶ᠎ᠡ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠴᠤᠭᠯᠠᠭᠤᠯᠤᠨ | ᠵᠥᠪᠳᠡᠯᠴᠡᠬᠦ ᠬᠡᠷᠡᠭᠲᠡᠢ᠃ | ︵ᠵᠢᠷᠭᠤᠭ᠎ᠠ︶ ᠬᠢᠨᠠᠨ ᠵᠥᠪᠰᠢᠶᠡᠷᠡᠭᠦᠯᠬᠦ ᠪᠠᠷ ᠲᠠᠮᠵᠢᠨ ᠨᠡᠶᠢᠭᠡᠮ ᠲᠣᠭᠤᠷᠢᠭ ᠲᠤ ᠣᠷᠣᠭᠰᠠᠨ ᠱᠠᠲᠤ ᠦᠶ᠎ᠡ ᠶᠢᠨ | ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯ ᠤᠨ ᠡᠭᠦᠷᠭᠡ ᠶᠢ ᠨᠡᠶᠢᠭᠡᠮ ᠲᠣᠭᠤᠷᠢᠭ ᠤᠨ ᠪᠠᠶᠢᠩᠭᠤ ᠶᠢᠨ ᠴᠢᠨᠠᠷᠲᠠᠢ | ᠠᠵᠢᠯ ᠪᠣᠯᠭᠠᠨ ᠬᠤᠪᠢᠷᠠᠭᠤᠯᠬᠤ ᠴᠢᠬᠤᠯᠠ ᠲᠠᠢ ᠪᠣᠯ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ | ᠭᠤᠶᠤᠴᠢᠯᠠᠯ ᠢᠶᠠᠨ ᠲᠤᠰᠢᠶᠠᠬᠤ ᠶᠢᠨ ᠬᠠᠮᠲᠤ ᠠᠵᠢᠯ ᠥᠷᠨᠢᠭᠦᠯᠦᠭᠰᠡᠨ ᠪᠠᠶᠢᠳᠠᠯ ᠢ ᠳᠠᠭᠠᠯᠳᠤᠭᠤᠯᠤᠨ | ᠲᠣᠳᠣᠷᠬᠠᠶᠢᠯᠠᠵᠤ᠂ ᠬᠢᠨᠠᠨ ᠵᠥᠪᠰᠢᠶᠡᠷᠡᠭᠦᠯᠬᠦ ᠭᠠᠷᠳᠠᠮ ᠢ ᠲᠠᠬᠢᠵᠦ ᠭᠦᠢᠴᠡᠳᠬᠡᠬᠦ ᠬᠡᠷᠡᠭᠲᠡᠢ᠃ | ︵ᠳᠣᠯᠤᠭ᠎ᠠ︶ ᠵᠥᠪᠰᠢᠶᠡᠷᠡᠨ ᠣᠷᠣᠭᠤᠯᠬᠤ ᠵᠦᠢᠯᠡᠰ ᠤᠨ ᠬᠠᠮᠤᠷᠬᠤ ᠬᠡᠪᠴᠢᠶ᠎ᠡ ᠶᠢ ᠦᠨᠳᠦᠰᠦᠯᠡᠨ ᠪᠦᠬᠦᠨ ᠢ | ᠵᠥᠪᠰᠢᠶᠡᠷᠡᠨ ᠣᠷᠣᠭᠤᠯᠬᠤ᠂ ᠬᠡᠰᠡᠭ ᠢ ᠵᠥᠪᠰᠢᠶᠡᠷᠡᠨ ᠣᠷᠣᠭᠤᠯᠬᠤ ᠭᠡᠵᠦ ᠬᠤᠶᠠᠷ ᠲᠥᠷᠥᠯ ᠳᠤ ᠬᠤᠪᠢᠶᠠᠵᠤ | ᠪᠣᠯᠣᠨ᠎ᠠ᠃ ᠪᠥᠬᠦ ᠤᠷᠤᠭᠤᠯᠬᠤ ᠶᠢ ᠵᠥᠪᠰᠢᠶᠡᠷᠡᠬᠦ ᠭᠡᠳᠡᠭ ᠨᠢ ᠪᠦᠬᠦᠨ ᠢ ᠭᠤᠶᠤᠴᠢᠯᠠᠭᠰᠠᠨ ᠵᠦᠢᠯᠡᠰ ᠢ ᠨᠡᠶᠢᠭᠡᠮ | ᠲᠣᠭᠤᠷᠢᠭ ᠲᠤ ᠵᠥᠪᠰᠢᠶᠡᠷᠡᠨ ᠣᠷᠣᠭᠤᠯᠬᠤ ᠶᠢ ᠵᠢᠭᠠᠵᠤ᠂ ᠬᠡᠰᠡᠭ ᠤᠷᠤᠭᠤᠯᠬᠤ ᠶᠢ ᠵᠥᠪᠰᠢᠶᠡᠷᠡᠬᠦ ᠭᠡᠳᠡᠭ ᠨᠢ | ᠭᠤᠶᠤᠴᠢᠯᠠᠭᠰᠠᠨ ᠵᠦᠢᠯᠡᠰ ᠢ ᠬᠡᠰᠡᠭ ᠨᠡᠶᠢᠭᠡᠮ ᠲᠣᠭᠤᠷᠢᠭ ᠲᠤ ᠵᠥᠪᠰᠢᠶᠡᠷᠡᠨ ᠣᠷᠣᠭᠤᠯᠬᠤ ᠶᠢ ᠵᠢᠭᠠᠵᠤ ᠪᠣᠶ︔ | ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠳᠠᠭᠠᠭᠠᠨ ᠠᠪᠬᠤ ᠴᠢᠬᠤᠯᠠᠲᠠᠢ ᠠᠵᠢᠯ ᠤᠨ | ᠲᠥᠷᠥᠯ ᠵᠦᠢᠯ ᠳᠤ᠂ ᠡᠷᠬᠡ ᠣᠯᠭᠤᠵᠤ ᠬᠠᠮᠢᠶᠠᠷᠤᠭᠤᠯᠬᠤ᠂ ᠨᠠᠶᠢᠳᠠᠨ ᠬᠠᠮᠢᠶᠠᠷᠤᠭᠤᠯᠬᠤ᠂ ᠡᠰᠡᠬᠦᠯ᠎ᠡ ᠬᠠᠮᠵᠢᠯᠴᠠᠨ | ᠬᠠᠮᠢᠶᠠᠷᠬᠤ ᠤᠤ ᠭᠡᠳᠡᠭ ᠢ ᠲᠣᠳᠣᠷᠬᠠᠶᠢᠯᠠᠬᠤ ᠬᠡᠷᠡᠭᠲᠡᠢ︔ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠬᠦᠯᠢᠶᠡᠨ | ᠠᠪᠬᠤ ᠠᠵᠢᠯ ᠤᠨ ᠵᠦᠢᠯᠡᠰ ᠲᠤ ᠣᠷᠣᠯᠠᠨ ᠦᠢᠯᠡᠴᠢᠯᠡᠬᠦ ᠡᠰᠡᠬᠦᠯ᠎ᠡ ᠰᠢᠭᠤᠳ ᠦᠢᠯᠡᠴᠢᠯᠡᠬᠦ ᠤᠤ ᠭᠡᠳᠡᠭ ᠢ | ᠲᠣᠳᠣᠷᠬᠠᠶᠢᠯᠠᠬᠤ ᠬᠡᠷᠡᠭᠲᠡᠢ︔ ᠱᠠᠲᠤ ᠦᠶ᠎ᠡ ᠶᠢᠨ ᠴᠢᠨᠠᠷᠲᠠᠢ ᠠᠵᠢᠯ ᠢ ᠳᠠᠭᠠᠭᠠᠨ ᠠᠪᠬᠤ ᠳᠤ᠂ ᠠᠵᠢᠯ ᠤᠨ | ᠬᠠᠷᠢᠭᠤᠴᠠᠯᠭ᠎ᠠ ᠶᠢᠨ ᠬᠡᠪᠴᠢᠶ᠎ᠡ ᠪᠠ ᠵᠥᠪᠰᠢᠶᠡᠷᠡᠨ ᠣᠷᠣᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠨᠡᠶᠢᠲᠡᠯᠡᠬᠦ ᠪᠠ ᠬᠡᠷᠡᠭᠵᠢᠭᠦᠯᠬᠦ | ︵ᠨᠢᠭᠡ︶ ᠲᠣᠭᠤᠷᠢᠭ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠵᠢᠯ ᠪᠦᠷᠢ ᠶᠢᠨ 6 ᠳ᠋ᠤᠭᠠᠷ | ᠰᠠᠷ᠎ᠠ ᠳᠤ ᠤᠳᠤᠷᠢᠳᠬᠤ ᠳᠤᠭᠤᠶᠢᠯᠠᠩ ᠤᠨ ᠲᠥᠪᠯᠡᠷᠡᠭᠦᠯᠦᠨ ᠬᠢᠨᠠᠨ ᠵᠥᠪᠰᠢᠶᠡᠷᠡᠵᠦ ᠲᠣᠭᠲᠠᠭᠠᠭᠰᠠᠨ ᠵᠥᠪᠰᠢᠶᠡᠷᠡᠨ | ᠣᠷᠣᠭᠤᠯᠬᠤ ᠵᠦᠢᠯᠡᠰ ᠢ ᠦᠨᠳᠦᠰᠦᠯᠡᠨ᠂ ᠳᠠᠷᠠᠭ᠎ᠠ ᠨᠢᠭᠡ ᠵᠢᠯ ᠤᠨ ᠨᠡᠶᠢᠭᠡᠮ ᠲᠣᠭᠤᠷᠢᠭ ᠤᠨ ᠠᠵᠢᠯ ᠤᠨ | ᠵᠥᠪᠰᠢᠶᠡᠷᠡᠨ ᠣᠷᠣᠭᠤᠯᠬᠤ ᠵᠦᠢᠯᠡᠰ ᠤᠨ ᠨᠠᠷᠢᠨ ᠬᠠᠭᠤᠳᠠᠰᠤ ᠶᠢ ᠴᠠᠭ ᠲᠤᠬᠠᠢ ᠳᠤᠨᠢ ᠪᠠᠶᠢᠭᠤᠯᠬᠤ ᠶᠢᠨ ᠬᠠᠮᠲᠤ᠂ | ᠡᠯ᠎ᠡ ᠵᠡᠭᠡᠯᠢ ᠭᠤᠳᠤᠮᠵᠢ ︵ᠪᠠᠯᠭᠠᠰᠤ︶᠂ ᠨᠡᠶᠢᠭᠡᠮ ᠲᠣᠭᠤᠷᠢᠭ᠂ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠨᠡᠶᠢᠲᠡᠯᠡᠬᠦ | ᠬᠡᠷᠡᠭᠲᠡᠢ᠃ | ︵ᠬᠤᠶᠠᠷ︶ ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠬᠠᠤᠯᠢ ᠶᠣᠰᠣᠭᠠᠷ ᠬᠠᠮᠵᠢᠯᠴᠠᠬᠤ ᠡᠭᠦᠷᠭᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠣᠷᠣᠭᠤᠯᠤᠭᠰᠠᠨ ᠠᠵᠢᠯ ᠤᠨ ᠵᠦᠢᠯᠡᠰ᠂ ᠲᠤᠬᠠᠶᠢᠯᠠᠪᠠᠯ ᠲᠣᠰ ᠵᠢᠯ ᠤᠨ | ᠨᠡᠶᠢᠭᠡᠮ ᠲᠣᠭᠤᠷᠢᠭ ᠤᠨ ᠪᠠᠶᠢᠩᠭᠤ ᠶᠢᠨ ᠴᠢᠨᠠᠷᠲᠠᠢ ᠠᠵᠢᠯ ᠪᠠᠶᠢᠵᠤ᠂ ᠲᠤᠬᠠᠢ ᠶᠢᠨ ᠵᠢᠯ ᠤᠨ ᠨᠡᠶᠢᠭᠡᠮ ᠲᠣᠭᠤᠷᠢᠭ ᠤᠨ | ᠤᠳᠤᠷᠢᠳᠬᠤ ᠪᠠᠭ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ | ᠰᠢᠰᠲ᠋ᠧᠮᠵᠢ ᠳᠤ ᠣᠷᠣᠭᠤᠯᠤᠨ᠎ᠠ᠃ | ︵ᠭᠤᠷᠪᠠ︶ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ | ᠴᠢᠨᠠᠷᠲᠠᠢ ᠠᠵᠢᠯ ᠤᠨ ᠡᠭᠦᠷᠭᠡ ᠳᠤ᠂ ᠤᠳᠤᠷᠢᠳᠬᠤ ᠳᠤᠭᠤᠶᠢᠯᠠᠩ ᠤᠨ ᠬᠢᠨᠠᠨ ᠭᠠᠷ ᠤᠨ ᠥᠰᠥᠭ ᠵᠢᠷᠤᠭᠰᠠᠨ | ︽ᠴᠢᠩᠱᠠᠨ ᠲᠣᠭᠤᠷᠢᠭ ᠤᠨ ᠨᠡᠶᠢᠭᠡᠮ ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠶᠢ ᠬᠢᠨᠠᠨ | ᠵᠥᠪᠰᠢᠶᠡᠷᠡᠬᠦ ᠬᠦᠰᠦᠨᠦᠭᠲᠦ︾ ᠶᠢ ᠦᠨᠳᠦᠰᠦᠯᠡᠨ ᠡᠯ᠎ᠡ ᠨᠡᠶᠢᠭᠡᠮ ᠲᠣᠭᠤᠷᠢᠭ ᠯᠤᠭ᠎ᠠ ᠵᠣᠯᠭᠠᠭᠤᠯᠤᠨ ᠵᠥᠪᠰᠢᠶᠡᠷᠡᠨ | ᠣᠷᠣᠭᠤᠯᠬᠤ ᠠᠵᠢᠯ ᠤᠨ ᠵᠦᠢᠯᠡᠰ ᠢ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠰᠢᠯᠲᠠᠭᠯᠠᠨ ᠲᠦᠯᠬᠢᠵᠦ ᠪᠣᠯᠬᠤ | ᠦᠭᠡᠢ᠃ | ᠠᠷᠪᠠ ᠶᠢᠰᠦᠳᠦᠭᠡᠷ ᠵᠦᠢᠯ ᠤᠬᠤᠷᠢᠨ ᠭᠠᠷᠬᠤ | ︵ᠨᠢᠭᠡ︶ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯ ᠤᠨ ᠵᠦᠢᠯᠡᠰ ᠢ ᠵᠥᠪᠰᠢᠶᠡᠷᠡᠨ | ᠣᠷᠣᠭᠤᠯᠬᠤ ᠴᠠᠭ ᠤᠨ ᠬᠢᠵᠠᠭᠠᠷ ᠶᠣᠰᠣᠭᠠᠷ ᠪᠡᠶᠡᠯᠡᠭᠦᠯᠦᠭᠰᠡᠨ ᠤ ᠳᠠᠷᠠᠭ᠎ᠠ᠂ ᠠᠶᠠᠨᠳᠠᠭᠠᠨ ᠤᠬᠤᠷᠢᠨ ᠭᠠᠷᠤᠨ᠎ᠠ᠃ | ︵ᠬᠤᠶᠠᠷ︶ ᠵᠥᠪᠰᠢᠶᠡᠷᠡᠭᠦᠯᠦᠭᠡᠳ ᠨᠡᠶᠢᠭᠡᠮ ᠲᠣᠭᠤᠷᠢᠭ ᠲᠤ ᠣᠷᠣᠭᠰᠠᠨ ᠵᠦᠢᠯᠡᠰ ᠨᠢ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠣᠬᠢᠷᠠᠭᠤᠯᠤᠯᠲᠠ ᠠᠴᠠ ᠪᠣᠯᠣᠭᠠᠳ | ᠤᠬᠤᠷᠢᠨ ᠭᠠᠷᠬᠤ ᠴᠢᠬᠤᠯᠠ ᠲᠠᠢ ᠵᠦᠢᠯᠡᠰ ᠪᠤᠶᠤ ᠵᠥᠪᠰᠢᠶᠡᠷᠡᠨ ᠣᠷᠣᠭᠤᠯᠬᠤ ᠵᠦᠢᠯᠡᠰ ᠨᠢ ᠬᠦᠴᠦᠨ | ᠴᠢᠳᠠᠪᠤᠷᠢ ᠶᠢᠨ ᠱᠠᠭᠠᠷᠳᠠᠯᠭ᠎ᠠ ᠲᠤ ᠬᠥᠷᠥᠭᠰᠡᠨ ᠦᠭᠡᠢ᠂ ᠤᠯᠠᠨ ᠲᠦᠮᠡᠨ ᠨᠡᠶᠢᠳᠡᠮ ᠲᠡᠭᠡᠨ ᠵᠥᠪᠰᠢᠶᠡᠷᠡᠬᠦ ᠦᠭᠡᠢ | ᠪᠠᠶᠢᠬᠤ ᠶᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠨᠡᠶᠢᠭᠡᠮ ᠲᠣᠭᠤᠷᠢᠭ ᠠᠴᠠ | ︽ᠤᠴᠢᠷ ᠶᠠᠪᠤᠳᠠᠯ ᠢ ᠪᠤᠴᠠᠭᠠᠵᠤ ᠭᠠᠷᠭᠠᠬᠤ︾ ᠪᠠᠷ ᠭᠤᠶᠤᠴᠢᠯᠠᠨ ᠮᠡᠳᠡᠭᠦᠯᠵᠦ᠂ ︽ᠴᠢᠩᠱᠠᠨ ᠲᠣᠭᠤᠷᠢᠭ ᠤᠨ ᠨᠡᠶᠢᠭᠡᠮ | ᠲᠣᠭᠤᠷᠢᠭ ᠤᠨ ᠠᠵᠢᠯ ᠤᠨ ᠵᠥᠪᠰᠢᠶᠡᠷᠡᠨ ᠣᠷᠣᠭᠤᠯᠬᠤ ᠤᠴᠢᠷ ᠶᠠᠪᠤᠳᠠᠯ ᠢ ᠪᠤᠴᠠᠭᠠᠵᠤ ᠭᠠᠷᠭᠠᠬᠤ ᠶᠢ ᠬᠢᠨᠠᠨ | ᠵᠥᠪᠰᠢᠶᠡᠷᠡᠬᠦ ᠬᠦᠰᠦᠨᠦᠭᠲᠦ︾ ᠶᠢ ᠲᠠᠭᠯᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ ᠦᠨᠡᠯᠡᠨ | ᠵᠢᠱᠢᠭᠦᠯᠦᠭᠰᠡᠨ ᠤ ᠲᠠᠷᠠᠭ᠎ᠠ᠂ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠤᠨ ᠶᠣᠰᠣᠭᠠᠷ ᠪᠤᠴᠠᠭᠠᠵᠤ ᠭᠠᠷᠭᠠᠬᠤ ᠭᠠᠷᠳᠠᠮ | ᠢ ᠴᠠᠭ ᠲᠤᠬᠠᠢ ᠲᠤᠨᠢ ᠭᠦᠢᠴᠡᠳᠬᠡᠵᠦ ᠪᠣᠯᠣᠨ᠎ᠠ᠃ | ︵ᠭᠤᠷᠪᠠ︶ ᠤᠬᠤᠷᠢᠨ ᠭᠠᠷᠤᠭᠰᠠᠨ ᠤ ᠳᠠᠷᠠᠭ᠎ᠠ ᠳᠠᠭᠢᠵᠤ ᠣᠷᠣᠬᠤ ᠴᠢᠬᠤᠯᠠ ᠲᠠᠢ ᠪᠣᠯ᠂ ᠤᠤᠯ ᠤᠨ ᠲᠠᠰ | ᠳᠠᠷᠠᠭᠠᠯᠠᠯ ᠢᠶᠠᠷ ᠵᠥᠪᠰᠢᠶᠡᠷᠡᠨ ᠣᠷᠣᠭᠤᠯᠬᠤ ᠶᠢ ᠬᠢᠨᠠᠨ ᠵᠥᠪᠰᠢᠶᠡᠷᠡᠨ᠎ᠡ᠃ | | | ᠲᠠᠪᠤᠳᠤᠭᠠᠷ ᠪᠦᠯᠦᠭ ᠤᠷᠤᠭᠤᠯᠬᠤ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ | | ᠬᠤᠷᠢᠳᠤᠭᠠᠷ ᠵᠦᠢᠯ ᠫᠠᠶᠢᠰᠠ ᠶᠢᠨ ᠲᠤᠬᠢᠷᠠᠭᠤᠯᠤᠯᠲᠠ | ᠡᠯ᠎ᠡ ᠨᠡᠶᠢᠭᠡᠮ ᠲᠣᠭᠤᠷᠢᠭ ᠤᠨ ᠠᠯᠪᠠᠯᠠᠬᠤ ᠦᠢᠯᠡᠴᠢᠯᠡᠭᠡᠨ ᠤ ᠲᠠᠯᠠᠪᠤᠷ ᠤᠨ ᠭᠠᠳᠠᠷ ᠬᠡᠷᠡᠮ ᠳᠤ ︽ᠨᠡᠶᠢᠭᠡᠮ | ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ ᠳᠤᠮᠳᠠᠳᠤ ᠤᠯᠤᠰ ᠤᠨ ᠨᠡᠶᠢᠭᠡᠮ ᠲᠣᠭᠤᠷᠢᠭ︾ ᠭᠡᠬᠦ | ᠲᠡᠮᠳᠡᠭ ᠢ ᠡᠯᠭᠦᠵᠦ᠂ ᠡᠭᠦᠳᠡᠨ ᠳᠤᠨᠢ ᠵᠥᠪᠬᠡᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ | ᠥᠷᠲᠡᠭᠡ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠵᠡᠷᠭᠡ | ᠳᠥᠷᠪᠡᠨ ᠫᠠᠶᠢᠰᠠ ᠡᠯᠭᠦᠬᠦ ᠬᠡᠷᠡᠭᠲᠡᠢ᠃ ᠡᠯ᠎ᠡ ᠨᠡᠶᠢᠭᠡᠮ ᠲᠣᠭᠤᠷᠢᠭ ᠤᠨ ᠭᠡᠷ ᠳᠣᠲᠣᠷ᠎ᠠ ᠡᠯᠭᠦᠬᠦ ᠪᠠ ᠬᠡᠷᠡᠮ ᠳᠡᠭᠡᠷ᠎ᠡ | ᠭᠠᠷᠭᠠᠬᠤ ᠠᠭᠤᠯᠭ᠎ᠠ ᠶᠢ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠣᠰᠣᠭᠠᠷ ᠨᠢᠭᠡᠳᠦᠯᠲᠡᠢ ᠪᠠᠶᠢᠷᠢᠯᠠᠭᠤᠯᠵᠤ᠂ | ᠪᠤᠰᠤᠳ ᠢᠯᠡ ᠪᠠᠷ ᠨᠠᠭᠠᠬᠤ ᠴᠢᠬᠤᠯᠠ ᠲᠠᠢ ᠳᠦᠷᠢᠮ ᠲᠣᠭᠲᠠᠭᠠᠯ ᠪᠠ ᠴᠤᠪᠤᠷᠠᠯ ᠵᠡᠷᠭᠡ ᠶᠢ ᠵᠥᠪᠰᠢᠶᠡᠷᠡᠨ | ᠣᠷᠣᠭᠤᠯᠬᠤ ᠶᠢ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠭᠰᠡᠨ ᠤ ᠳᠠᠷᠠᠭ᠎ᠠ ᠡᠯ᠎ᠡ ᠨᠡᠶᠢᠭᠡᠮ ᠲᠣᠭᠤᠷᠢᠭ ᠨᠢ | ᠥᠪᠡᠷ ᠢᠶᠠᠨ ᠵᠢᠷᠤᠭᠲᠤ ᠳᠡᠪᠲᠡᠷ ᠵᠣᠬᠢᠶᠠᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠲᠣᠭᠲᠠᠭᠠᠯ ᠶᠣᠰᠣᠭᠠᠷ᠂ ᠨᠡᠶᠢᠭᠡᠮ ᠲᠣᠭᠤᠷᠢᠭ ᠲᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠪᠠᠶᠢᠭᠤᠯᠬᠤ ᠴᠢᠬᠤᠯᠠ ᠲᠠᠢ ᠪᠣᠯ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠲᠤᠰᠬᠠᠢ ᠲᠤᠰᠢᠶᠠᠯᠲᠤ ᠠᠵᠢᠯᠲᠠᠨ | ᠲᠣᠮᠢᠯᠠᠬᠤ ᠬᠡᠷᠡᠭᠲᠡᠢ᠃ ᠨᠡᠶᠢᠭᠡᠮ ᠲᠣᠭᠤᠷᠢᠭ ᠲᠤ ᠠᠷᠠᠳ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠴᠢᠬᠤᠯᠠ ᠲᠠᠢ | ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠤᠯᠬᠤ ᠪᠠ ᠬᠠᠮᠢᠶᠠᠷᠬᠤ ᠬᠡᠷᠡᠭᠲᠡᠢ᠂ ᠭᠡᠬᠦ ᠳᠡᠭᠡᠨ ᠨᠡᠶᠢᠭᠡᠮ | ᠲᠣᠭᠤᠷᠢᠭ ᠤᠨ ᠬᠠᠷᠢᠭᠤᠴᠠᠯᠭᠠᠲᠠᠨ ᠢᠶᠠᠷ ᠲᠤᠰ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠭᠠᠬᠤ ᠪᠠᠷ | ᠱᠠᠭᠠᠷᠳᠠᠵᠤ ᠪᠣᠯᠬᠤ ᠦᠭᠡᠢ᠃ | ᠬᠤᠷᠢᠨ ᠬᠤᠶᠠᠳᠤᠭᠠᠷ ᠵᠦᠢᠯ ᠠᠵᠢᠯ ᠤᠨ ᠰᠢᠯᠭᠠᠨ ᠦᠨᠡᠯᠡᠯᠲᠡ | ᠬᠤᠲᠠ ᠶᠢᠨ ᠱᠠᠲᠤᠨ ᠠᠴᠠ ᠳᠡᠭᠡᠭᠰᠢᠬᠢ ᠰᠠᠯᠠᠭ᠎ᠠ ᠮᠥᠴᠢᠷ᠂ ᠤᠳᠤᠷᠢᠳᠬᠤ ᠳᠤᠭᠤᠶᠢᠯᠠᠩ ᠤᠨ ᠵᠣᠬᠢᠶᠠᠨ | ᠪᠠᠶᠢᠭᠤᠯᠤᠭᠰᠠᠨ ᠰᠢᠯᠭᠠᠨ ᠦᠨᠡᠯᠡᠬᠦ ᠠᠴᠠ ᠭᠠᠳᠠᠨ᠎ᠠ᠂ ᠲᠣᠭᠤᠷᠢᠭ ᠤᠨ ᠬᠠᠷᠢᠶ᠎ᠠ ᠡᠯ᠎ᠡ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠳ ᠨᠡᠶᠢᠭᠡᠮ ᠲᠣᠭᠤᠷᠢᠭ ᠤᠨ ᠶᠠᠮᠠᠷ ᠨᠢᠭᠡᠨ ᠵᠦᠢᠯ ᠤᠨ ᠲᠤᠬᠠᠶᠢᠯᠠᠭᠰᠠᠨ ᠠᠵᠢᠯ ᠢ ᠪᠡᠶᠡᠯᠡᠭᠦᠯᠦᠭᠰᠡᠨ | ᠪᠠᠶᠢᠳᠠᠯ ᠳᠤ ᠲᠤᠰᠠᠭᠠᠷ ᠰᠢᠯᠭᠠᠨ ᠦᠨᠡᠯᠡᠬᠦ ᠪᠠᠨ ᠪᠣᠯᠢᠵᠤ᠂ ᠰᠢᠯᠭᠠᠨ ᠦᠨᠡᠯᠡᠬᠦ ᠠᠭᠤᠯᠭ᠎ᠠ ᠶᠢ ᠵᠢᠯ ᠤᠨ ᠡᠬᠢᠨ ᠤ | ᠨᠡᠶᠢᠭᠡᠮ ᠲᠣᠭᠤᠷᠢᠭ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠬᠠᠷᠠᠯᠲᠠ ᠶᠢᠨ ᠰᠢᠰᠲ᠋ᠧᠮᠵᠢ ᠳᠤ | ᠨᠢᠭᠡᠳᠦᠯᠲᠡᠢ ᠣᠷᠣᠭᠤᠯᠤᠨ᠎ᠠ᠃ | ᠬᠤᠷᠢᠨ ᠭᠤᠷᠪᠠᠳᠤᠭᠠᠷ ᠵᠦᠢᠯ ᠬᠡᠷᠡᠭ ᠶᠠᠪᠤᠳᠠᠯ ᠢ ᠦᠨᠡᠯᠡᠨ ᠵᠢᠱᠢᠬᠦ | ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠦᠨᠡᠯᠡᠨ ᠶᠠᠷᠢᠯᠴᠠᠬᠤ ᠪᠠ ᠲᠤᠰᠬᠠᠢ | ᠮᠡᠷᠭᠡᠵᠢᠯ ᠤᠨ ᠦᠨᠡᠯᠡᠨ ᠵᠢᠱᠢᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠬᠤ ᠬᠡᠷᠡᠭᠲᠡᠢ᠃ ᠡᠯ᠎ᠡ | ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠨᠡᠶᠢᠭᠡᠮ ᠲᠣᠭᠤᠷᠢᠭ ᠲᠤ ᠣᠷᠣᠭᠰᠠᠨ ᠠᠵᠢᠯ ᠤᠨ ᠵᠦᠢᠯ ᠨᠢ ᠨᠡᠶᠢᠭᠡᠮ | ᠲᠣᠭᠤᠷᠢᠭ ᠲᠤ ᠦᠨᠡᠯᠡᠨ ᠶᠠᠷᠢᠯᠴᠠᠬᠤ ᠶᠢ ᠤᠬᠠᠮᠰᠠᠷ ᠠᠴᠠ ᠪᠠᠨ ᠬᠦᠯᠢᠶᠡᠵᠦ᠂ ᠵᠢᠯ ᠳᠤ ᠨᠢᠭᠡ ᠦᠨᠡᠯᠡᠨ ᠶᠠᠷᠢᠯᠴᠠᠬᠤ ᠶᠢ | ᠬᠡᠷᠡᠭᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠦᠨᠡᠯᠡᠨ ᠶᠠᠷᠢᠯᠴᠠᠬᠤ ᠠᠵᠢᠯ ᠢ ᠵᠡᠭᠡᠯᠢ ᠪᠠᠯᠭᠠᠰᠤᠨ ᠤ ᠨᠠᠮ ᠤᠨ | ︵ᠠᠵᠢᠯ︶ ᠬᠤᠷᠢᠶ᠎ᠠ ᠠᠴᠠ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠥᠪᠯᠡᠯ ᠪᠠ ᠨᠡᠶᠢᠭᠡᠮ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠦᠷᠳᠡᠭᠡ᠂ ᠵᠢᠴᠢ ᠨᠡᠶᠢᠭᠡᠮ | ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠪᠠ ᠨᠡᠶᠢᠭᠡᠮ ᠲᠣᠭᠤᠷᠢᠭ ᠤᠨ ᠡᠯ᠎ᠡ ᠲᠦᠷᠦᠯ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠦᠨᠡᠯᠡᠨ ᠶᠠᠷᠢᠯᠴᠠᠨ᠎ᠠ᠃ | ᠦᠨᠡᠯᠡᠬᠦ ᠠᠭᠤᠯᠭ᠎ᠠ ᠳᠤ᠄ ᠰᠠᠯᠠᠭ᠎ᠠ ᠮᠥᠴᠢᠷ ᠤᠨ ᠠᠵᠢᠯ ᠤᠨ ᠵᠦᠢᠯᠡᠰ ᠢ ᠨᠡᠶᠢᠭᠡᠮ ᠲᠣᠭᠤᠷᠢᠭ ᠲᠤ | ᠣᠷᠣᠭᠤᠯᠤᠭᠰᠠᠨ ᠤ ᠳᠠᠷᠠᠭᠠᠬᠢ ᠦᠢᠯᠡᠳᠦᠯ᠂ ᠦᠷ᠎ᠡ ᠪᠦᠲᠦᠮᠵᠢ᠂ ᠠᠵᠢᠯ ᠤᠨ ᠰᠤᠷᠲᠠᠯ᠂ ᠵᠠᠷᠤᠳᠠᠯ ᠤᠨ | ᠨᠠᠶᠢᠳᠠᠪᠤᠷᠢᠵᠢᠭᠤᠯᠤᠯᠲᠠ ᠪᠠ ᠤᠯᠠᠨ ᠲᠦᠮᠡᠨ ᠤ ᠲᠤᠰᠬᠠᠭᠰᠠᠨ ᠪᠠᠶᠢᠳᠠᠯ ᠢ ᠪᠠᠭᠲᠠᠭᠠᠨ᠎ᠠ᠃ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠪᠠᠷ ᠥᠨᠳᠥᠷ ᠪᠢᠰᠢ ᠪᠠᠶᠢᠪᠠᠯ᠂ ᠲᠣᠰ ᠠᠷᠭ᠎ᠠ ᠶᠢᠨ ᠲᠣᠭᠲᠠᠭᠠᠯ ᠶᠣᠰᠣᠭᠠᠷ᠂ ᠤᠬᠤᠷᠢᠨ | ᠭᠠᠷᠬᠤ ᠲᠠᠰ ᠳᠠᠷᠠᠭᠠᠯᠠᠯ ᠢ ᠭᠦᠢᠴᠡᠳᠬᠡᠨ᠎ᠡ᠃ | ᠬᠤᠷᠢᠨ ᠳᠥᠷᠪᠡᠳᠦᠭᠡᠷ ᠵᠦᠢᠯ ᠠᠵᠢᠯ ᠢ ᠱᠠᠯᠠᠪᠳᠠᠭᠤᠯᠤᠨ ᠪᠠᠶᠢᠴᠠᠭᠠᠬᠤ | ᠱᠠᠯᠠᠪᠳᠠᠭᠤᠯᠤᠨ ᠪᠠᠶᠢᠴᠠᠭᠠᠬᠤ ᠳᠦᠷᠢᠮ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠨᠢ ᠵᠢᠯ ᠪᠦᠷᠢ ᠶᠢᠨ | ᠵᠢᠯ ᠤᠨ ᠳᠤᠮᠳᠠ᠂ ᠵᠢᠯ ᠤᠨ ᠡᠴᠦᠰ ᠲᠤ ᠵᠥᠪᠰᠢᠶᠡᠷᠡᠨ ᠣᠷᠣᠭᠤᠯᠬᠤ ᠠᠵᠢᠯ ᠢ ᠬᠡᠷᠡᠭᠵᠢᠭᠦᠯᠦᠭᠰᠡᠨ ᠪᠠᠶᠢᠳᠠᠯ ᠳᠤ | ᠲᠣᠰ ᠲᠣᠰ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠦᠷ᠎ᠡ ᠳ᠋ᠦᠩ ᠢ ᠨᠡᠪᠲᠡᠷᠡᠭᠦᠯᠦᠨ᠎ᠡ᠃ ᠨᠢᠭᠡᠨᠲᠡ | ᠣᠷᠣᠭᠤᠯᠬᠤ ᠶᠢ ᠵᠥᠪᠰᠢᠶᠡᠷᠡᠬᠦ ᠵᠦᠢᠯᠡᠰ ᠲᠤ ᠵᠢᠭᠰᠠᠭᠠᠨ ᠣᠷᠣᠭᠤᠯᠤᠭᠠᠳ ᠲᠠᠰ ᠳᠠᠷᠠᠭᠠᠯᠠᠯ ᠤᠨ ᠱᠠᠭᠠᠷᠳᠠᠯᠭ᠎ᠠ | ᠶᠣᠰᠣᠭᠠᠷ ᠬᠡᠷᠡᠭᠵᠢᠭᠦᠯᠦᠭᠰᠡᠨ ᠦᠭᠡᠢ ᠪᠤᠶᠤ ᠣᠷᠣᠭᠤᠯᠬᠤ ᠶᠢ ᠵᠥᠪᠰᠢᠶᠡᠷᠡᠬᠦ ᠵᠦᠢᠯᠡᠰ ᠲᠤ ᠵᠢᠭᠰᠠᠭᠠᠨ | ᠣᠷᠣᠭᠤᠯᠤᠭᠰᠠᠨ ᠦᠭᠡᠢ ᠪᠠᠷ ᠳᠤᠷ᠎ᠠ ᠪᠠᠷ ᠢᠶᠠᠨ ᠵᠠᠯᠭᠠᠨ ᠠᠪᠤᠭᠰᠠᠨ ᠪᠠᠶᠢᠪᠠᠯ᠂ ᠤᠳᠤᠷᠢᠳᠬᠤ ᠳᠤᠭᠤᠶᠢᠯᠠᠩ ᠪᠠ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠡᠭᠦᠨ ᠢ ᠱᠠᠯᠠᠪᠳᠠᠭᠤᠯᠵᠦ ᠪᠠᠶᠢᠭᠠᠳ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠨᠢ ᠪᠣᠳᠠᠲᠠᠶᠢᠵᠢᠭᠰᠠᠨ ᠦᠭᠡᠢ ᠪᠠᠶᠢᠪᠠᠯ᠂ ᠲᠣᠰ | ᠣᠷᠣᠭᠤᠯᠬᠤ ᠶᠢ ᠵᠥᠪᠰᠢᠶᠡᠷᠡᠬᠦ ᠠᠵᠢᠯ ᠤᠨ ᠵᠦᠢᠯᠡᠰ ᠢ ᠬᠦᠴᠦᠨ ᠦᠭᠡᠢ ᠪᠣᠯᠭᠠᠵᠤ᠂ ᠪᠠᠶᠢᠳᠠᠯ ᠢ ᠨᠢ ᠦᠵᠡᠵᠦ | ᠪᠠᠶᠢᠭᠠᠳ ᠬᠠᠮᠢᠶ᠎ᠠ ᠪᠦᠬᠦᠢ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠵᠥᠪᠰᠢᠶᠡᠷᠡᠨ | ᠣᠷᠣᠭᠤᠯᠬᠤ ᠵᠦᠢᠯᠡᠰ ᠲᠤ ᠵᠢᠭᠰᠠᠭᠠᠨ ᠣᠷᠣᠭᠤᠯᠤᠭᠰᠠᠨ ᠦᠭᠡᠢ ᠠᠵᠢᠯ ᠢ ᠲᠣᠭᠲᠠᠭᠠᠯ ᠠᠴᠠ ᠵᠥᠷᠢᠴᠡᠨ ᠳᠠᠭᠠᠭᠠᠨ | ᠠᠪᠴᠤ᠂ ᠢᠯᠡᠷᠡᠭᠰᠡᠨ ᠶᠠᠮᠠᠷᠪᠠ ᠠᠰᠠᠭᠤᠳᠠᠯ ᠳᠤ᠂ ᠡᠯ᠎ᠡ ᠰᠠᠯᠠᠭ᠎ᠠ ᠮᠥᠴᠢᠷ ᠪᠠ ᠵᠡᠭᠡᠯᠢ ᠭᠤᠳᠤᠮᠵᠢ ︵ᠪᠠᠯᠭᠠᠰᠤ︶᠂ | ᠨᠡᠶᠢᠭᠡᠮ ᠲᠣᠭᠤᠷᠢᠭ ᠠᠴᠠ ᠪᠥᠬᠦ ᠬᠠᠷᠢᠭᠤᠴᠠᠯᠭ᠎ᠠ ᠶᠢ ᠥᠪᠡᠰᠦᠪᠡᠨ ᠡᠭᠦᠷᠭᠡᠯᠡᠵᠦ᠂ ᠬᠦᠨᠳᠦ ᠨᠣᠴᠢᠲᠠᠢ ᠦᠷ᠎ᠡ | ᠳ᠋ᠦᠩ ᠢ ᠪᠣᠶ ᠪᠣᠯᠭᠠᠭᠰᠠᠨ ᠪᠠᠶᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ | ᠴᠢᠩᠭ᠎ᠠ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ | | | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | | ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠤᠤᠯ ᠤᠨ ᠴᠢᠩᠱᠠᠨ ᠲᠣᠭᠤᠷᠢᠭ ᠤᠨ ᠬᠤᠯᠪᠣᠭᠳᠠᠯ ᠪᠦᠬᠦᠢ ᠵᠥᠪᠰᠢᠶᠡᠷᠡᠯ ᠤᠨ ᠪᠢᠴᠢᠭ | ᠮᠠᠲ᠋ᠧᠷᠢᠶᠠᠯ ᠢ ᠵᠡᠷᠭᠡ ᠳᠤᠨᠢ ᠬᠦᠴᠦᠨ ᠦᠭᠡᠢ ᠪᠣᠯᠭᠠᠨ᠎ᠠ᠃ | | | | | | | | | |