ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/26
      2 ᠰᠠᠷ᠎ᠠ ᠶᠢᠨ 23 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ 2024 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ᠂ ᠲᠥᠪ ᠤᠨ ᠳᠡᠰ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠮᠡᠳᠡᠭᠳᠡᠬᠦ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ ᠨᠢᠭᠡᠳᠦᠭᠡᠷ ᠬᠤᠭᠤᠴᠠᠭᠠᠨ ᠤ ᠲᠤᠭᠤᠷᠢᠭ  ᠤᠨ ᠨᠠᠮ ᠤᠨ ᠬᠤᠷᠢᠶ᠎ᠠ ᠶᠢᠨ ᠲᠦᠷᠦᠭᠦᠸ ᠭᠤᠷᠪᠠᠨ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ︽ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ︾ ︽ᠴᠢᠩᠱᠠᠨ ᠲᠣᠭᠤᠷᠢᠭ ᠤᠨ ᠹᠦ᠋ ᠰᠢᠩ ᠶᠡᠭᠡ ᠵᠡᠭᠡᠯᠢ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢᠨ ᠬᠡᠷᠡᠭᠵᠢᠭᠦᠯᠬᠦ ᠲᠥᠰᠥᠯ︾ ︽ᠴᠢᠩᠱᠠᠨ ᠲᠣᠭᠤᠷᠢᠭ ᠤᠨ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠲᠥᠰᠥᠯ︾ ︽ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠬᠡᠷᠡᠭᠵᠢᠭᠦᠯᠬᠦ ᠰᠠᠨᠠᠯ︾ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠵᠠᠮ ᠢᠶᠠᠷ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠬᠠᠤᠯᠢ ᠪᠠᠷ ᠵᠠᠰᠠᠬᠤ ᠴᠢᠩᠱᠠᠨ︾ APP  ᠬᠠᠤᠯᠢ ᠴᠠᠭᠠᠵᠠ ᠶᠢᠨ ᠭᠠᠵᠠᠷ ᠤᠨ ᠦᠢᠯᠡᠴᠢᠯᠡᠭᠡᠨ ᠤ ᠴᠢᠳᠠᠮᠵᠢ ᠶᠢ ᠳᠡᠯᠭᠡᠷᠡᠭᠦᠯᠦᠨ ᠰᠠᠶᠢᠲᠤᠷ ᠬᠡᠷᠡᠭᠯᠡᠵᠦ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠦᠨ᠎ᠡ ᠭᠡᠵᠦ ᠴᠢᠬᠤᠯᠠᠴᠢᠯᠠᠪᠠ᠃       ᠬᠤᠷᠠᠯ ᠠᠴᠠ᠂ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ ᠨᠡᠩ ᠤᠯᠠᠨ ᠠᠵᠤ ᠠᠬᠤᠶᠢᠯᠠᠯ ᠤᠨ ᠳᠦᠷᠢᠮ ᠲᠣᠭᠲᠠᠭᠠᠯ ᠢ ᠳᠡᠭᠡᠭᠰᠢᠯᠡᠭᠦᠯᠬᠦ ᠳᠡᠭᠡᠳᠦ ᠬᠢᠵᠠᠭᠠᠷ ᠢ ᠠᠬᠢᠭᠤᠯᠵᠤ᠂ ᠬᠥᠭᠵᠢᠯᠲᠡ ᠶᠢ ᠠᠳᠬᠤᠬᠤ ᠦᠷ᠎ᠡ ᠪᠦᠲᠦᠮᠵᠢ ᠶᠢ ᠦᠨᠡᠨ ᠪᠣᠳᠠᠲᠠᠢ ᠬᠡᠮᠵᠢᠶᠡᠵᠢᠭᠦᠯᠦᠭᠰᠡᠨ ᠦᠷ᠎ᠡ ᠪᠦᠲᠦᠭᠡᠯ ᠳᠡᠭᠡᠷ᠎ᠡ ᠢᠯᠡᠷᠡᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠣᠯᠭᠤᠮᠵᠢ᠂ ᠬᠢᠨᠠᠯᠲᠠ ᠬᠠᠮᠢᠶᠠᠷᠤᠯᠲᠠ ᠵᠡᠷᠭᠡ ᠳᠦᠷᠢᠮ ᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠺᠠᠳ᠋ᠷᠴᠤᠳ ᠤᠨ ᠳᠠᠪᠰᠢᠵᠤ ᠪᠣᠯᠬᠤ ᠮᠥᠷᠲᠡᠭᠡᠨ ᠪᠠᠭᠤᠵᠤ ᠪᠣᠯᠬᠤ᠂ ᠣᠷᠣᠵᠤ ᠪᠣᠯᠬᠤ ᠮᠥᠷᠲᠡᠭᠡᠨ ᠭᠠᠷᠴᠤ ᠪᠣᠯᠬᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠹᠦ᠋ ᠰᠢᠩ ᠶᠡᠭᠡ ᠵᠡᠭᠡᠯᠢ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠵᠠᠮ ᠳᠠᠭᠠᠤ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠵᠣᠬᠢᠰᠲᠠᠢ ᠲᠥᠯᠥᠪᠵᠢᠭᠦᠯᠵᠦ᠂ ᠰᠤᠯᠠ ᠪᠠᠶᠢᠭ᠎ᠠ ᠡᠬᠢ ᠪᠠᠶᠠᠯᠢᠭ ᠢ ᠤᠯᠠᠮ ᠴᠢᠨᠠᠭᠰᠢᠳᠠ ᠠᠮᠢᠯᠠᠭᠤᠯᠵᠤ᠂ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠬᠦ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ︽ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ︾ ᠤᠨ ᠠᠰᠠᠭᠤᠳᠠᠯ ᠢ ᠬᠦᠴᠦᠯᠡᠨ ᠵᠠᠯᠠᠷᠠᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠲᠤ ᠨᠡᠩ ᠤᠯᠠᠨ ᠴᠠᠭ ᠪᠠ ᠤᠶᠤᠨ ᠴᠢᠳᠠᠯ ᠭᠠᠷᠭᠠᠵᠤ ᠪᠠᠶᠢᠭᠠᠳ ᠬᠡᠷᠡᠭᠵᠢᠭᠦᠯᠦᠯᠲᠡ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠳᠡᠰ ᠳᠠᠷᠠᠭᠠᠯᠠᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号