ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠡᠢ
ᠨᠡᠶᠢᠲᠡᠯᠡᠭᠰᠡᠨ ᠴᠠᠭ᠄
2024/2/27
      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠴᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠠᠷᠢᠶ᠎ᠠ ᠡᠯ᠎ᠡ ᠠᠵᠢᠯ ᠲᠦᠷᠦᠯ ᠠᠯᠬᠤᠮ ᠠᠯᠬᠤᠮ ᠢᠶᠠᠷ ᠠᠵᠢᠯ ᠢᠶᠠᠨ ᠡᠬᠢᠯᠡᠭᠦᠯᠪᠡ᠃ ᠠᠮᠠᠷᠠᠯᠲᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠦᠨᠡᠨᠬᠦ ᠴᠢᠩᠭᠠᠳᠬᠠᠵᠤ᠂ ᠠᠮᠤᠷ ᠲᠦᠪᠰᠢᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠦᠨᠡᠨᠬᠦ ᠪᠠᠲᠤᠯᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ ᠡᠯ᠎ᠡ ᠨᠡᠶᠢᠭᠡᠮ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠪᠠᠶᠢᠴᠠᠭᠠᠭᠴᠢ ᠬᠠᠷᠢᠶᠠᠲᠤ ᠣᠷᠣᠨ ᠤ ᠪᠠᠨ ᠭᠤᠣᠯᠳᠠᠯᠭ᠎ᠠ ᠲᠠᠢ ᠠᠵᠤ ᠠᠬᠤᠶᠢᠯᠠᠯ᠂ ᠬᠤᠳᠠᠯᠳᠤᠭᠠᠨ ᠤ ᠫᠦᠰᠡ᠂ ᠢᠳᠡᠭᠡᠨ ᠤᠮᠳᠠᠭᠠᠨ᠂ ᠶᠢᠰᠦᠨ ᠵᠢᠵᠢᠭ ᠲᠠᠯᠠᠪᠤᠷ ᠵᠡᠷᠭᠡ ᠳᠤ ᠦᠷᠭᠦᠯᠵᠢᠯᠡᠨ ᠪᠠᠶᠠᠷ ᠤᠨ ᠡᠳᠦᠷ ᠤᠨ ᠳᠠᠷᠠᠭᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ᠂ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ ᠰᠣᠭᠤᠭ ᠪᠠ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠵᠠᠯᠠᠷᠠᠭᠤᠯᠵᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠬᠡᠮ ᠰᠣᠭᠤᠭ ᠢ ᠠᠷᠢᠯᠭᠠᠬᠤ ᠶᠢ ᠦᠨᠡᠨᠬᠦ ᠪᠠᠲᠤᠯᠠᠪᠠ᠃ ᠡᠭᠦᠨ ᠤ ᠬᠠᠮᠲᠤ ᠲᠤᠬᠠᠢ ᠶᠢᠨ ᠭᠠᠵᠠᠷ ᠲᠤᠨᠢ ᠴᠠᠬᠢᠯᠭᠠᠨ ᠢ ᠠᠶᠤᠯᠭᠦᠢ ᠪᠠᠷ ᠬᠡᠷᠡᠭᠯᠡᠬᠦ ᠪᠠ ᠠᠶᠤᠯᠭᠦᠢ ᠪᠠᠷ ᠭᠠᠯ ᠢ ᠰᠡᠷᠭᠡᠶᠢᠯᠡᠬᠦ ᠬᠥᠮᠦᠵᠢᠯ ᠢ ᠬᠢᠪᠡ᠃       ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠃ ᠳᠠᠷᠠᠭᠠᠴᠢ ᠶᠢᠨ ᠠᠯᠬᠤᠮ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠬᠢᠨ ︽ᠠᠮᠤᠷ ᠲᠦᠪᠰᠢᠨ ᠤ ᠬᠥᠪᠴᠢ︾  ᠶᠢ ᠦᠷᠭᠦᠯᠵᠢᠯᠡᠨ ᠰᠢᠨᠲᠠᠷᠠᠰᠢ ᠦᠭᠡᠢ ᠴᠢᠩᠭᠠᠷᠠᠭᠤᠯᠵᠤ᠂ ᠬᠠᠷᠢᠶ᠎ᠠ ᠣᠷᠣᠨ ᠤ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠦᠷᠭᠦᠯᠵᠢᠯᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂ ᠬᠠᠷᠢᠶ᠎ᠠ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号