ᠴᠢᠩᠱᠠᠨ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠴᠠᠭᠠᠨ ᠰᠠᠷ᠎ᠠ ᠶᠢᠨ ᠪᠠᠶᠠᠷ ᠥᠯᠵᠡᠶᠢᠲᠦ ᠡᠳᠦᠷ ᠤᠨ ᠪᠠᠶᠠᠷ ᠤᠨ ᠰᠢᠷᠢᠰ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/2/28
      ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠲᠠᠪᠦᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠥᠷᠥᠭᠳᠡᠯ ᠲᠠᠢ ᠪᠥᠭᠡᠳ ᠪᠦᠲᠦᠮᠵᠢᠲᠡᠢ ᠪᠠᠷ ᠪᠠᠲᠤ ᠪᠠᠬᠢ ᠪᠤᠢ ᠪᠣᠯᠭᠠᠵᠤ᠂ ᠴᠠᠭᠠᠨ ᠰᠠᠷ᠎ᠠ ᠶᠢᠨ ᠪᠠᠶᠠᠷ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ᠂ ᠤᠯᠠᠨ ᠲᠡᠰ ᠳᠠᠪᠬᠤᠷᠭ᠎ᠠ ᠪᠠᠷ᠂ ᠪᠣᠰᠤᠭ᠎ᠠ ᠴᠣᠭᠴᠠᠲᠤ ᠬᠡᠯᠪᠡᠷᠢ ᠪᠠᠷ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠤᠳᠠ ᠶᠢᠨ ᠠᠷᠠᠳ ᠵᠤᠭᠠᠴᠠᠭᠰᠠᠳ ᠢ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠠᠷ ᠤᠨ ᠡᠳᠦᠷ ᠢ ᠦᠩᠭᠡᠷᠡᠭᠦᠯᠬᠦ ᠶᠢᠨ ᠲᠦᠯᠦᠭᠡ᠂ ᠴᠢᠩᠱᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠴᠠᠭᠠᠨ ᠰᠠᠷ᠎ᠠ ᠶᠢᠨ ᠪᠠᠶᠠᠷ ᠥᠯᠵᠡᠶᠢᠲᠦ ᠡᠳᠦᠷ ᠤᠨ ᠪᠠᠶᠠᠷ ᠤᠨ ᠰᠢᠷᠢᠰ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠠᠮᠵᠢᠯᠠᠯᠲᠤ ᠪᠠᠶᠠᠷ ᠤᠨ ᠡᠳᠦᠷ ᠢᠶᠠᠨ ᠪᠠᠶᠠᠷᠯᠠᠨ ᠪᠡᠯᠭᠡᠯᠡᠬᠦ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ ᠪᠠᠷ ᠬᠠᠷᠠᠯᠲᠠ ᠪᠣᠯᠭᠠᠵᠤ᠂ ᠴᠠᠭᠠᠨ ᠰᠠᠷ᠎ᠠ ᠶᠢᠨ ᠪᠠᠶᠠᠷ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ᠂ ᠰᠠᠭᠤᠭᠳᠠᠯ ᠤᠨ ᠬᠤᠳᠠ᠂ ᠵᠧᠩ ᠰᠢᠶᠠᠩ ᠠᠭᠤᠳᠠᠮ ᠲᠠᠯᠠᠪᠠᠢ᠂ ᠴᠢᠩᠱᠠᠨ ᠸᠠᠨ ᠳ᠋ᠠ ᠠᠭᠤᠳᠠᠮ ᠲᠠᠯᠠᠪᠠᠢ᠂ ᠨᠠᠷᠠᠨ ᠶᠠᠪᠠᠭᠠᠨ ᠵᠡᠭᠡᠯᠢ ᠵᠢᠴᠢ ᠡᠯ᠎ᠡ ᠵᠡᠭᠡᠯᠢ ᠪᠠᠯᠭᠠᠰᠤ ᠳᠤ 2024 ᠣᠨ ᠤ ᠴᠢᠩᠱᠠᠨ ᠲᠣᠭᠤᠷᠢᠭ ᠤᠨ ᠴᠠᠭᠠᠨ ᠰᠠᠷ᠎ᠠ ᠶᠢᠨ ᠪᠠᠶᠠᠷ ᠥᠯᠵᠡᠶᠢᠲᠦ ᠡᠳᠦᠷ ᠤᠨ ᠪᠠᠶᠠᠷ ᠤᠨ ᠰᠢᠷᠢᠰ ᠠᠵᠢᠯᠯᠠᠭ᠎ᠠ ᠶᠢ ᠥᠷᠨᠢᠭᠦᠯᠵᠡᠢ᠃ ᠨᠡᠶᠢᠲᠡ 30 ᠲᠠᠯᠠᠪᠤᠷ ᠠᠵᠢᠯᠯᠠᠭ᠎ᠠ ᠡᠷᠭᠢᠯᠡᠵᠦ᠂ 5000 ᠲᠣᠭᠯᠠᠭᠴᠢ ᠣᠷᠣᠯᠴᠠᠵᠤ᠂ 30 ᠭᠠᠷᠤᠢ ᠲᠦᠮᠡᠨ ᠣᠯᠠᠨ ᠲᠦᠮᠡᠨ ᠳᠤ ᠠᠰᠢᠭ ᠬᠦᠷᠲᠡᠭᠡᠪᠡ᠃       ᠲᠣᠭᠯᠠᠯᠲᠠ ᠪᠦᠷᠢ ᠶᠢᠨ ᠪᠦᠯᠬᠦᠮ ᠤᠨ ᠬᠢᠨ ᠰᠢᠨ᠎ᠡ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠲᠣᠭᠯᠠᠯᠲᠠ ᠶᠢ ᠨᠠᠷᠢᠨ ᠨᠢᠮᠪᠠᠢ ᠪᠡᠯᠡᠳᠬᠡᠵᠦ᠂ 2 ᠰᠠᠷ᠎ᠠ ᠶᠢᠨ 23 ᠤ ᠡᠳᠦᠷ ᠶᠠᠪᠤᠭᠳᠠᠭᠰᠠᠨ 2024 ᠣᠨ ᠤ ᠴᠢᠩᠱᠠᠨ ᠲᠣᠭᠤᠷᠢᠭ ᠤᠨ ᠥᠯᠵᠡᠶᠢᠲᠦ ᠡᠳᠦᠷ ᠤᠨ ᠪᠠᠶᠠᠷ ᠤᠨ ᠵᠡᠭᠡᠯᠢ ᠭᠤᠳᠤᠮᠵᠢ ᠶᠢᠨ ᠠᠷᠠᠳ ᠤᠨ ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ ᠳᠤ᠂ ᠴᠢᠩᠱᠠᠨ ᠲᠣᠭᠤᠷᠢᠭ ᠤᠨ ᠡᠯ᠎ᠡ ᠵᠡᠭᠡᠯᠢ ᠪᠠᠯᠭᠠᠰᠤ᠂ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠲᠣᠭᠯᠠᠯᠲᠠ ᠶᠢᠨ ᠪᠦᠯᠬᠦᠮ ᠨᠢ ᠨᠠᠩ ᠴᠤ ᠠᠷᠠᠳ ᠤᠨ ᠵᠠᠩ ᠦᠶᠯᠡ ᠶᠢᠨ ᠪᠥᠵᠢᠭ ᠵᠡᠷᠭᠡ ᠪᠠᠶᠠᠷ ᠳᠤᠷᠠᠰᠬᠠᠯ ᠤᠨ ᠠᠭᠤᠷ ᠠᠮᠢᠰᠬᠤᠯ ᠪᠠ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠪᠠᠷ ᠪᠢᠯᠬᠠᠮ᠎ᠠ ᠤᠷᠠᠨ ᠰᠠᠶᠢᠬᠠᠨ ᠤ ᠲᠣᠭᠯᠠᠯᠲᠠ ᠶᠢ ᠰᠢᠨ᠎ᠡ ᠪᠠᠷ ᠨᠠᠶᠢᠷᠠᠭᠤᠯᠪᠠ᠃ ᠲᠤᠬᠠᠢ ᠶᠢᠨ ᠲᠠᠯᠠᠪᠠᠢ ᠶᠢᠨ ᠥᠨᠳᠥᠷ ᠬᠥᠯᠲᠦ ᠶᠠᠩᠭᠠᠷ ᠪᠥᠵᠢᠭ᠂ ᠯᠣᠣ ᠠᠷᠰᠯᠠᠨ ᠪᠥᠵᠢᠭ ᠨᠢ ᠨᠡᠩ ᠴᠤ ᠲᠤᠬᠠᠢ ᠶᠢᠨ ᠲᠠᠯᠠᠪᠠᠢ ᠶᠢᠨ ᠡᠯ᠎ᠡ ᠦᠨᠳᠦᠰᠦᠲᠡᠨ ᠤ ᠦᠵᠡᠭᠴᠢᠳ ᠤᠨ ᠪᠠᠭ᠎ᠠ ᠨᠠᠰᠤᠨ ᠤ ᠡᠷᠭᠢᠴᠡᠭᠦᠯᠦᠯ ᠢ ᠡᠭᠦᠰᠬᠡᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠨ᠎ᠠ᠃       ᠣᠶᠢᠷ᠎ᠠ ᠶᠢᠨ ᠵᠢᠯ ᠠᠴᠠ ᠨᠠᠰᠢ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠰᠢᠨ᠎ᠡ ᠵᠠᠭᠤᠴᠢᠯᠠᠭᠤᠷ᠂ ᠤᠳᠬ᠎ᠠ ᠤᠷᠠᠯᠢᠭ ᠤᠨ ᠪᠦᠲᠦᠭᠡᠯ᠂ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠵᠡᠷᠭᠡ ᠬᠡᠯᠪᠡᠷᠢ ᠶᠢ ᠢᠳᠡᠪᠬᠢᠲᠡᠢ ᠠᠰᠢᠭᠯᠠᠵᠤ᠂ ᠡᠯ᠎ᠡ ᠰᠣᠶᠣᠯ ᠤᠨ ᠵᠢᠭᠰᠠᠭᠠᠯ ᠤᠨ ᠭᠠᠵᠠᠷ ᠲᠤ ᠲᠦᠰᠢᠭᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠶᠠᠷ ᠳᠤᠷᠠᠰᠬᠠᠯ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠡᠢ᠃ ︽ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠤᠰᠤᠯᠠᠬᠤ︾ ᠭᠤᠣᠯ ᠰᠡᠳᠦᠪᠲᠦ ᠵᠡᠭᠡᠯᠢ ᠭᠤᠳᠤᠮᠵᠢ ᠶᠢᠨ ᠳᠠᠭᠤᠤ ᠬᠥᠭᠵᠢᠮ ᠤᠨ ᠦᠳᠡᠰᠢᠯᠡᠭᠡ᠂ ︽ᠠᠨᠠᠷ ᠤᠨ ᠴᠡᠴᠡᠭ  ᠴᠢᠩᠱᠠᠨ ᠤ ᠦᠷ᠎ᠡ ᠶᠢ ᠴᠤᠭᠯᠠᠷᠠᠭᠤᠯᠵᠤ ᠰᠡᠳᠬᠢᠯ ᠢᠶᠠᠨ ᠨᠢᠭᠡᠳᠬᠡᠨ ᠰᠢᠨ᠎ᠡ ᠬᠠᠭᠤᠳᠠᠰᠤ ᠶᠢ ᠪᠢᠴᠢᠭᠯᠡᠬᠦ︾ ᠤᠷᠠᠨ ᠰᠠᠶᠢᠬᠠᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ︽ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠤᠷᠠᠨ ᠢᠶᠠᠷ ᠵᠢᠷᠤᠭᠯᠠᠵᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠬᠤᠭᠤᠴᠠᠭᠠᠨ ᠳᠤ ᠪᠣᠳᠠᠰ ᠤᠨ ᠪᠤᠰᠤ ᠰᠣᠶᠣᠯ ᠤᠨ ᠥᠪ ᠢ ᠡᠳ᠋ᠯᠡᠬᠦ︾ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠵᠡᠷᠭᠡ ᠡᠯᠪᠡᠭ ᠪᠠᠶᠠᠯᠢᠭ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠤᠯᠠᠨ ᠤᠳᠠᠭ᠎ᠠ ᠡᠷᠬᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠶᠠᠯᠠᠭᠳᠠᠬᠤ ᠰᠡᠳᠬᠢᠯᠭᠡ ᠪᠠ ᠮᠡᠳᠡᠷᠡᠬᠦ ᠰᠡᠳᠬᠢᠯᠭᠡ ᠶᠢ ᠦᠨᠡᠨᠬᠦ ᠨᠡᠮᠡᠭᠳᠡᠭᠦᠯᠵᠡᠢ᠃       ᠲᠣᠰ ᠤᠳᠠᠭᠠᠨ ᠤ ᠴᠢᠩᠱᠠᠨ ᠲᠣᠭᠤᠷᠢᠭ ᠤᠨ ᠴᠠᠭᠠᠨ ᠰᠠᠷ᠎ᠠ ᠶᠢᠨ ᠪᠠᠶᠠᠷ ᠥᠯᠵᠡᠶᠢᠲᠦ ᠡᠳᠦᠷ ᠤᠨ ᠪᠠᠶᠠᠷ ᠤᠨ ᠰᠢᠷᠢᠰ ᠠᠵᠢᠯᠯᠠᠭ᠎ᠠ ᠪᠣᠯ ᠴᠢᠩᠱᠠᠨ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠪᠠᠰᠠ ᠨᠢᠭᠡ ᠤᠳᠠᠭᠠᠨ ᠤ ᠴᠢᠬᠤᠯᠠ ᠦᠢᠯᠡᠳᠦᠯᠭᠡ ᠮᠥᠨ᠂ ᠡᠯ᠎ᠡ ᠦᠨᠳᠦᠰᠦᠲᠡᠨ ᠤ ᠬᠤᠲᠠ ᠶᠢᠨ ᠠᠷᠠᠳ ᠵᠤᠭᠠᠴᠠᠭᠰᠠᠳ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠪᠠᠶᠠᠷ ᠤᠨ ᠡᠳᠦᠷ ᠢ ᠪᠡᠯᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠰᠣᠶᠣᠯ ᠢ ᠪᠠᠳᠠᠷᠠᠭᠤᠯᠬᠤ ᠶᠢᠨ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠎ᠠ᠃
C:\Users\Administrator\Desktop\2024.2.28青山区开展铸牢中华民族共同体意识春节元宵节系列活动\1.jpg
C:\Users\Administrator\Desktop\2024.2.28青山区开展铸牢中华民族共同体意识春节元宵节系列活动\2.jpg
 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号