2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠠᠵᠢᠯ ᠤᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/2/28
      ᠣᠶᠢᠷ᠎ᠠ ᠳᠤ᠂ ᠬᠤᠲᠠ᠂ ᠲᠣᠭᠤᠷᠢᠭ ᠤᠨ ᠬᠤᠶᠠᠷ ᠱᠠᠲᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠤᠯᠤᠭᠠᠨ ᠳᠤᠭᠤᠶᠢᠯᠠᠩ ᠬᠤᠪᠢᠶᠠᠨ ᠡᠯ᠎ᠡ ᠳᠤᠮᠳᠠᠳᠤ ᠪᠠᠭ᠎ᠠ ᠰᠤᠷᠭᠠᠭᠤᠯᠢ ︵ᠠᠷᠠᠳ  ᠠᠴᠠ ᠡᠷᠭᠢᠯᠡᠭᠰᠡᠨ ᠰᠤᠷᠭᠠᠭᠤᠯᠢ ᠪᠠᠭᠲᠠᠨ᠎ᠠ︶᠂ ᠬᠡᠦᠬᠡᠳ ᠤᠨ ᠴᠡᠴᠡᠷᠯᠢᠭ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠵᠡᠷᠭᠡ 51 ᠰᠤᠷᠭᠠᠭᠤᠯᠢ ᠡᠷᠭᠢᠯᠡᠬᠦ ᠨᠢᠭᠡᠴᠡ ᠳᠤ ᠰᠤᠷᠤᠯᠭ᠎ᠠ ᠡᠬᠢᠯᠡᠬᠦ ᠠᠵᠢᠯ ᠤᠨ ᠪᠥᠬᠦ ᠲᠠᠯ᠎ᠠ ᠶᠢᠨ ᠪᠠᠶᠢᠴᠠᠭᠠᠯᠲᠠ ᠬᠢᠪᠡ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠠᠮᠤᠷ ᠲᠦᠪᠰᠢᠨ ᠲᠣᠭᠲᠠᠭᠤᠨ ᠪᠠᠶᠢᠯᠭᠠᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠴᠢᠩᠭᠠᠳᠬᠠᠬᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠵᠡᠷᠭᠡ ᠳᠥᠷᠪᠡᠨ ᠲᠠᠯ᠎ᠠ ᠶᠢᠨ 31 ᠵᠦᠢᠯ ᠤᠨ ᠪᠣᠳᠠᠲᠠᠢ ᠠᠵᠢᠯ ᠤᠨ ᠠᠭᠤᠯᠭ᠎ᠠ ᠶᠢ ᠭᠤᠣᠯᠳᠠᠯᠭ᠎ᠠ ᠲᠠᠢ ᠨᠠᠷᠢᠨ ᠤᠶᠢᠯᠭᠠᠨ ᠱᠠᠯᠠᠪᠳᠠᠭᠤᠯᠤᠨ ᠪᠠᠶᠢᠴᠠᠭᠠᠵᠤ᠂ ᠰᠤᠷᠭᠠᠭᠤᠯᠢ ᠶᠢᠨ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠬᠤ᠂ ᠣᠷᠣᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠢ ᠡᠮᠬᠢᠯᠡᠬᠦ ᠳᠤ ᠴᠢᠭᠯᠡᠭᠦᠯᠦᠨ ᠨᠢᠭᠡᠳ ᠨᠢᠭᠡ ᠪᠠᠷ ᠬᠠᠷᠭᠤᠭᠤᠯᠬᠤ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号