ᠬᠤᠰᠢᠭᠤᠴᠢ ᠵᠠᠮ ᠤᠨ ᠵᠡᠭᠡᠯᠢ ᠭᠤᠳᠤᠮᠵᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/29
      ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠠᠬᠢᠨ ᠲᠤᠬᠢᠷᠠᠭᠤᠯᠤᠨ᠂ ᠲᠠᠬᠢᠨ ᠠᠬᠢᠭᠤᠯᠵᠤ᠂ ᠲᠠᠬᠢᠨ ᠨᠠᠶᠢᠳᠠᠪᠤᠷᠢᠵᠢᠭᠤᠯᠪᠠ᠃ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠨᠡᠶᠢᠭᠡᠮ ᠲᠣᠭᠤᠷᠢᠭ᠂ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ᠂ ᠨᠢᠭᠡ ᠳᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠤᠨ ᠲᠦᠷᠦᠭᠦᠯᠡᠨ ᠵᠢᠱᠢᠶ᠎ᠡ ᠦᠵᠡᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠪᠠᠭ ᠤᠨ ᠪᠦᠷᠢᠯᠳᠦᠭᠦᠨ ᠨᠠᠷ ᠴᠠᠭ ᠲᠤᠬᠠᠢ ᠳᠤᠨᠢ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠲᠤ ᠬᠦᠷᠴᠦ ᠡᠯ᠎ᠡ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠣᠬᠢᠷᠠᠭᠤᠯᠤᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠵᠦᠢᠯ ᠵᠤᠷᠪᠤᠰ ᠳᠠᠷᠠᠭᠠᠯᠠᠨ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ︽ᠰᠢᠰᠲ᠋ᠧᠮ ᠤᠨ ᠣᠶᠢᠯᠠᠭᠠᠭᠳᠠᠬᠤᠨ︾᠎ ᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠵᠡᠭᠡᠯᠢ ᠭᠤᠳᠤᠮᠵᠢ ᠶᠢᠨ ᠭᠤᠣᠯᠳᠠᠯᠭ᠎ᠠ ᠲᠠᠢ ᠠᠵᠢᠯ ᠪᠠ ᠭᠤᠤᠯᠳᠠᠯᠭ᠎ᠠ ᠠᠵᠢᠯ ᠲᠠᠢ ᠭᠦᠨᠵᠡᠭᠡᠢ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠷᠭ᠎ᠠ ᠰᠦᠪᠡᠭᠴᠢᠯᠡᠵᠦ᠂ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠠᠷᠢᠨ ᠲᠠᠩᠰᠠ ᠳᠤ ᠵᠢᠭᠰᠠᠭᠠᠭᠰᠠᠨ ᠠᠰᠠᠭᠤᠳᠠᠯ ᠳᠤ ᠬᠥᠳᠡᠯᠦᠩᠭᠦᠢ ᠬᠠᠮᠢᠶᠠᠷᠤᠯᠲᠠ ᠶᠠᠪᠤᠭᠤᠯᠵᠤ᠂ ᠲᠠᠩᠰᠠ ᠶᠢ ᠬᠠᠷᠭᠤᠭᠤᠯᠵᠤ ᠨᠣᠮᠧᠷ ᠢ ᠬᠠᠰᠤᠬᠤ ᠠᠷᠭ᠎ᠠ ᠶᠢ ᠠᠪᠤᠨ᠎ᠠ᠃ ᠭᠤᠷᠪᠠ ᠳᠤ᠂ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ︾᠎ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠠᠷᠢᠨ ᠳᠠᠩᠰᠠ ᠲᠠᠢ ᠴᠢᠩᠭ᠎ᠠ ᠬᠠᠷᠢᠴᠠᠭᠤᠯᠵᠤ᠂ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂  ᠦᠨᠳᠦᠰᠦ ᠰᠤᠷᠪᠤᠯᠵᠢ ᠠᠴᠠ ᠨᠢ ᠠᠰᠠᠭᠤᠳᠠᠯ ᠢ ᠡᠷᠢᠵᠦ᠂ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠬᠤᠷᠢᠭᠯᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠤᠨᠢᠨ ᠳᠡᠭᠡᠷ᠎ᠡ ᠨᠢ ᠴᠡᠭᠴᠡᠯᠡᠨ ᠰᠠᠶᠢᠵᠢᠷᠠᠭᠤᠯᠵᠤ᠂ ᠪᠠᠶᠢᠩᠭᠤ ᠵᠠᠰᠠᠵᠤ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠳᠠᠷᠠᠭᠠᠴᠢ ᠶᠢᠨ ᠠᠯᠬᠤᠮ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠬᠢᠨ ᠲᠤᠰ ᠤᠳᠠᠭ᠎ᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢᠶᠠᠷ ᠰᠢᠨ᠎ᠡ ᠡᠬᠢᠯᠡᠯᠲᠡ ᠪᠣᠯᠭᠠᠵᠤ᠂ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠬᠦᠴᠦᠨ ᠢᠶᠠᠨ ᠨᠢᠭᠲᠠᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠦᠢᠯᠡᠳᠦᠯ ᠢ ᠬᠠᠮᠤᠭ ᠤᠨ ᠶᠡᠭᠡ ᠪᠣᠯᠭᠠᠵᠤ᠂ ᠵᠡᠭᠡᠯᠢ ᠭᠤᠳᠤᠮᠵᠢ ᠶᠢᠨ ᠡᠯ᠎ᠡ ᠬᠦᠷᠢᠶᠡᠨ ᠤ ᠠᠵᠢᠯ ᠢ ᠨᠠᠶᠢᠳᠠᠪᠤᠷᠢᠵᠢᠭᠤᠯᠤᠨ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠨᠠᠷ ᠰᠠᠶᠢᠲᠠᠢ ᠠᠬᠢᠭᠤᠯᠬᠤ ᠪᠣᠯᠣᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号