ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/5
      2 ᠰᠠᠷ᠎ᠠ ᠶᠢᠨ 4᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠠᠭᠠᠨ ᠰᠠᠷ᠎ᠠ ᠠᠴᠠ ᠡᠮᠦᠨ᠎ᠡ ᠲᠢᠶᠠᠨᠵᠢᠨ ᠳᠤ ᠬᠦᠷᠴᠦ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠪᠣᠯᠭᠤᠭᠠᠨ ᠲᠣᠬᠤᠨᠢᠭᠤᠯᠬᠤ᠂ ᠲᠢᠶᠠᠨᠵᠢᠨ ᠳᠤ ᠰᠠᠭᠤᠭ᠎ᠠ ᠴᠡᠷᠢᠭ ᠠᠩᠭᠢ ᠶᠢ ᠪᠠᠶᠢᠴᠠᠭᠠᠨ ᠦᠵᠡᠵᠦ ᠲᠣᠬᠤᠨᠢᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠴᠠᠭᠠᠨ ᠰᠠᠷ᠎ᠠ ᠶᠢᠨ ᠢᠷᠦᠭᠡᠯ ᠵᠥᠩᠨᠡᠯ ᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ 1 ᠰᠠᠷ᠎ᠠ ᠶᠢᠨ 31᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ‌‍ᠶᠢ ᠤᠯᠠᠮᠵᠢᠯᠠᠨ ᠰᠤᠷᠤᠯᠴᠠᠵᠦ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠤᠭᠤᠷᠢᠭ ‍ᠤᠨ‌ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠴᠢᠩᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠥᠰᠥᠯ ᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠰᠢ ᠶᠢᠨ ᠫᠢᠩ  ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠲᠡᠭᠦᠰᠬᠡᠯ ᠤᠨ ᠱᠠᠲᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠴᠢᠩᠭ᠎ᠠ ᠭᠤᠣᠯ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠰᠠᠯᠠᠭᠴᠢ︾᠎ ᠶᠢᠨ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ︽ᠰᠠᠨᠠᠭᠤᠯᠬᠤ ᠬᠡᠯᠪᠡᠷᠢ︾᠎ ᠪᠠᠷ ᠤᠳᠤᠷᠢᠳᠬᠤ ᠺᠠᠳ᠋ᠷᠴᠤᠳ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠴᠢᠩᠭ᠎ᠠ ᠭᠦᠢᠴᠡᠳᠬᠡᠬᠦ ᠶᠢ ᠬᠢᠨᠠᠨ ᠱᠠᠭᠠᠷᠳᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠎ ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠲᠤᠤᠱᠯᠠᠭᠤᠯᠬᠤ ᠲᠠᠢ ᠤᠶᠠᠯᠳᠤᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠠᠵᠤ ᠦᠢᠯᠡᠰ᠂ ᠲᠥᠷᠥᠯ ᠵᠦᠢᠯ ᠪᠠ ᠬᠠᠷᠢᠭᠤᠴᠠᠯᠭᠠᠲᠠᠨ ᠳᠤ ᠬᠦᠷᠲᠡᠯ᠎ᠡ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠤᠨ ᠵᠣᠷᠢᠭ ᠰᠠᠨᠠᠭ᠎ᠠ ᠶᠢ ᠮᠠᠨ ᠤ ᠲᠤᠭᠤᠷᠢᠭ ᠲᠤ  ᠦᠨᠳᠦᠰᠦᠯᠡᠭᠦᠯᠦᠨ᠂ ᠴᠡᠴᠡᠭᠯᠡᠨ ᠵᠢᠮᠢᠰᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠩᠭᠡ ᠦᠵᠡᠮᠵᠢ ᠶᠢᠨ ᠤᠰᠤᠲᠥ᠋ᠷᠥᠭᠴᠢ ᠶᠢ ᠬᠠᠳᠠᠭᠠᠯᠠᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠤᠭᠤᠷᠢᠭ ᠲᠤ ᠰᠠᠭᠤᠭ᠎ᠠ ᠲᠣᠮᠣ ᠠᠵᠤ ᠠᠬᠤᠶᠢᠯᠠᠯ ᠳᠤ ᠦᠢᠯᠡᠴᠢᠯᠡᠬᠦ ᠪᠠᠲᠤᠯᠠᠭ᠎ᠠ ᠶᠢᠨ ᠳᠤᠮᠳᠠ ᠠᠴᠠ ᠰᠢᠨ᠎ᠡ ᠨᠡᠮᠡᠭᠳᠡᠯ ᠤᠨ ᠬᠡᠮᠵᠢᠶ᠎ᠡ ᠶᠢ ᠠᠭᠤᠳᠠᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠬᠠᠷᠢᠶ᠎ᠠ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠲᠥᠪᠯᠡᠷᠡᠭᠰᠡᠨ ᠳᠠᠪᠠᠭᠤᠯᠢᠭ ᠲᠤ ᠲᠦᠰᠢᠭᠯᠡᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠪᠦᠯᠦᠭ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠠᠯᠭᠠᠭ᠎ᠠ ᠪᠠᠷ ᠬᠥᠮᠥᠵᠢᠭᠦᠯᠵᠦ᠂ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠲᠠᠨ ᠢ ᠳᠠᠳᠠᠨ ᠣᠷᠣᠭᠤᠯᠬᠤ᠂ ᠪᠠᠲᠤᠯᠠᠬᠤ᠂ ᠤᠷᠮᠠᠰᠢᠭᠤᠯᠬᠤ ᠵᠡᠷᠭᠡ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠨᠡᠶᠢᠭᠡᠮ ᠳᠤ ︽ᠰᠢᠨᠵᠢᠯᠡᠬᠦ ᠤᠬᠠᠭᠠᠨ ᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠲᠥᠪᠯᠡᠷᠡᠯ ᠤᠨ ᠣᠷᠣᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠡᠯᠧᠮᠧᠨ᠋ᠲ ᠢ ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠶᠡᠭᠡ ᠠᠵᠤ ᠦᠢᠯᠡᠰ᠂ ᠴᠢᠬᠤᠯᠠ ᠶᠡᠭᠡ ᠲᠦᠷᠦᠯ ᠵᠦᠢᠯ ᠲᠡᠰᠢ ᠲᠥᠪᠯᠡᠷᠡᠭᠦᠯᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠠ ᠣᠷᠣᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠦᠨ ᠠᠶᠤᠯ ᠲᠦᠭᠰᠢᠭᠦᠷᠢ ᠶᠢᠨ ᠭᠡᠮ ᠰᠣᠭᠤᠭ ᠢ ᠭᠦᠨᠵᠡᠭᠡᠢ ᠨᠠᠷᠢᠨ ᠨᠢᠮᠪᠠᠢ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠤᠷ ᠠᠮᠤᠭᠤᠯᠠᠩ᠂ ᠥᠯᠵᠡᠢ ᠪᠡᠯᠭᠡ ᠲᠠᠢ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号