ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2024/2/6
      ᠣᠶᠢᠷ᠎ᠠ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠲᠠᠯ᠎ᠠ ᠨᠤᠲᠤᠭ ᠨᠡᠶᠢᠭᠡᠮ ᠲᠣᠭᠤᠷᠢᠭ ᠲᠤ ︽ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠶᠢᠨ ᠮᠡᠳᠡᠯᠭᠡ ᠶᠢ ᠤᠯᠠᠮᠵᠢᠯᠠᠨ᠂ ᠡᠷᠡᠭᠦᠯ ᠴᠢᠭᠢᠷᠠᠭ ᠠᠮᠢᠳᠤᠷᠠᠯ ᠢ ᠪᠣᠶ ᠪᠣᠯᠭᠠᠬᠤ︾ ᠬᠢᠲᠠᠳ ᠡᠮᠨᠡᠯᠭᠡ ᠶᠢᠨ ᠪᠡᠶ᠎ᠡ ᠰᠤᠪᠢᠯᠠᠯᠲᠠ ᠶᠢᠨ ᠲᠠᠶᠢᠯᠤᠮᠵᠢ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠢᠲᠠᠳ ᠡᠮᠨᠡᠯᠭᠡ ᠶᠢᠨ ᠬᠤᠷᠢᠶᠠᠨ ᠤ ᠡᠮᠴᠢ ᠨᠠᠷ ᠬᠢᠲᠠᠳ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ ᠪᠠ ᠪᠡᠶ᠎ᠡ ᠰᠤᠪᠢᠯᠠᠯᠲᠠ ᠡᠷᠡᠭᠦᠯᠵᠢᠯ ᠤᠨ ᠤᠬᠠᠭᠳᠠᠬᠤᠨ᠂ ᠬᠢᠲᠠᠳ ᠡᠮᠨᠡᠯᠭᠡ ᠶᠢᠨ ᠡᠪᠡᠳᠴᠢᠯᠡᠭᠡᠳᠦᠢ ᠶᠢ ᠡᠮᠨᠡᠨ ᠵᠠᠰᠠᠬᠤ ᠣᠶᠢᠯᠠᠭᠠᠭᠳᠠᠬᠤᠨ ᠵᠡᠷᠭᠡ ᠠᠭᠤᠯᠭ᠎ᠠ ᠶᠢᠨ ᠲᠣᠭᠤᠷᠢᠨ ᠳᠤ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢᠨ ᠣᠶᠢᠯᠠᠭᠠᠭᠳᠠᠬᠤᠨ ᠪᠠ ᠡᠷᠡᠭᠦᠯ ᠮᠡᠨᠳᠦ ᠶᠢᠨ ᠮᠡᠳᠡᠯᠭᠡ ᠶᠢ ᠲᠠᠶᠢᠯᠪᠤᠷᠢᠯᠠᠨ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠴᠢᠭᠢᠷᠠᠭ᠂ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号