ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 4ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/2/6
      2 ᠰᠠᠷ᠎ᠠ ᠶᠢᠨ 5 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠲᠤᠭᠤᠷᠢᠭ ᠤᠨ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠩᠱᠠᠨ ᠲᠣᠭᠤᠷᠢᠭ ᠤᠨ ᠬᠡᠷᠡᠭᠵᠢᠭᠦᠯᠬᠦ ᠲᠥᠰᠥᠯ︾ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ  ᠢ ᠡᠷᠭᠢᠯᠡᠪᠡ᠃       ᠬᠤᠷᠠᠯ ᠠᠴᠠ᠂ ᠴᠢᠩᠱᠠᠨ ᠲᠤᠭᠤᠷᠢᠭ ᠤᠨ ᠲᠤᠭᠤᠷᠢᠭ ᠤᠨ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠪᠣᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠴᠢᠬᠤᠯᠠ ᠭᠠᠷᠳᠠᠴᠠ ᠪᠣᠯᠣᠨ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠬᠦ᠂ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠢᠳᠡᠪᠬᠢᠵᠢᠯ ᠢ ᠵᠣᠷᠢᠭᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ ᠬᠤᠷᠠᠯ ᠠᠴᠠ᠂ ᠴᠠᠯᠢᠩ ᠪᠣᠯᠣᠨ ᠦᠷ᠎ᠡ ᠠᠰᠢᠭ ᠢ ᠵᠡᠷᠭᠡᠪᠡᠷ ᠬᠤᠯᠪᠣᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠯᠬᠦᠮ ᠨᠡᠶᠢᠲᠡ ᠶᠢᠨ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠩᠨᠡᠭᠡ ᠶᠢ ᠪᠣᠶᠢᠵᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠢ ᠴᠢᠩᠭᠠᠳᠬᠠᠨ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠳᠠᠰᠤᠷᠠᠯᠳᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号