ᠪᠠᠶᠠᠷ ᠤᠨ ᠡᠳᠦᠷ ᠠᠴᠠ ᠡᠮᠦᠨᠡᠬᠢ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢᠨ ᠬᠢᠨᠠᠨ ᠪᠠᠶᠢᠴᠠᠭᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/2/8
      ᠣᠶᠢᠷ᠎ᠠ ᠳᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠠᠷ ᠤᠨ ᠡᠳᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠪᠡ᠃ ᠠᠮᠤ ᠪᠤᠳᠠᠭ᠎ᠠ᠂ ᠭᠤᠯᠢᠷ᠂ ᠲᠣᠰᠣ᠂ ᠮᠢᠬ᠎ᠠ᠂ ᠥᠨᠳᠡᠭᠡ᠂ ᠢᠳᠡᠰᠢᠨ ᠨᠣᠭᠤᠭ᠎ᠠ᠂ ᠡᠮ ᠤᠨ ᠵᠦᠢᠯ ᠵᠡᠷᠭᠡ ᠲᠠᠸᠠᠷ ᠤᠨ ᠦᠨ᠎ᠡ ᠬᠠᠩᠰᠢ ᠶᠢ ᠢᠯᠡ ᠲᠡᠮᠳᠡᠭᠯᠡᠭᠰᠡᠨ ᠪᠠᠶᠢᠳᠠᠯ ᠵᠢᠴᠢ ᠢᠳᠡᠭᠡᠨ ᠤ ᠪᠠᠷᠠᠭ᠎ᠠ ᠣᠷᠣᠭᠤᠯᠤᠭᠰᠠᠨ ᠡᠬᠡ ᠲᠠᠩᠰᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ ᠣᠲᠣ ᠪᠣᠯᠲᠠᠯ᠎ᠠ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠶᠢᠲᠡ 1506 ᠪᠠᠶᠢᠴᠠᠭᠠᠵᠤ᠂ 21 ᠠᠰᠠᠭᠤᠳᠠᠯ ᠢ ᠢᠯᠡᠷᠡᠭᠦᠯᠦᠭᠰᠡᠨ ᠪᠥᠭᠡᠳ ᠲᠤᠬᠠᠢ ᠶᠢᠨ ᠲᠠᠯᠠᠪᠤᠷ ᠲᠤᠨᠢ ᠰᠢᠪᠠᠳᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号