ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ 2024 ᠣᠨ ᠤ ᠴᠢᠩᠱᠠᠨ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠺᠠᠳ᠋ᠷᠴᠤᠳ ᠤᠨ ᠰᠢᠨ᠎ᠡ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/3/11
      3 ᠰᠠᠷ᠎ᠠ ᠶᠢᠨ 6 ᠤ ᠡᠳᠦᠷ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠵᠢᠭᠠᠨ ᠰᠤᠳᠤᠯᠬᠤ ᠬᠡᠯᠲᠡᠰ ᠤᠨ ᠫᠷᠤᠹᠧᠰᠰᠤᠷ ᠢ ᠤᠷᠢᠵᠤ ᠪᠥᠬᠦ  ᠲᠤᠭᠤᠷᠢᠭ ᠤᠨ ᠡᠯ᠎ᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠺᠠᠳ᠋ᠷᠴᠤᠳ ᠲᠤ ︽ᠰᠢᠨ᠎ᠡ ︿ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ﹀ ᠵᠢᠴᠢ ᠲᠡᠭᠦᠨ ᠢ ᠲᠤᠤᠱᠯᠠᠭᠤᠯᠤᠨ ᠬᠡᠷᠡᠭᠵᠢᠭᠦᠯᠬᠦ ᠳᠤᠮᠳᠠᠬᠢ ᠬᠡᠳᠦᠨ ᠠᠰᠠᠭᠤᠳᠠᠯ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃       ᠲᠣᠰ ᠤᠳᠠᠭᠠᠨ ᠤ ᠪᠣᠯᠪᠠᠰᠤᠷᠠᠭᠤᠯᠤᠯ ᠳᠤ ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠠ ᠨᠡᠮᠡᠵᠦ ᠨᠥᠬᠦᠪᠦᠷᠢᠯᠡᠭᠰᠡᠨ ᠠᠭᠤᠯᠭ᠎ᠠ ᠳᠤ ᠲᠠᠶᠢᠯᠤᠮᠵᠢ ᠬᠢᠪᠡ᠃ ᠡᠭᠦᠨ ᠳᠤ ᠵᠠᠰᠠᠭ ᠵᠠᠬᠢᠷᠭᠠᠨ ᠤ ᠳᠠᠬᠢᠨ ᠵᠦᠪᠯᠡᠬᠦ ᠬᠦᠷᠢᠶ᠎ᠡ ᠬᠡᠪᠴᠢᠶ᠎ᠡ᠂ ᠬᠠᠷᠢᠶᠠᠯᠠᠯ᠂ ᠬᠦᠯᠢᠶᠡᠨ ᠠᠪᠴᠤ ᠰᠢᠢᠳᠪᠦᠷᠢᠯᠡᠬᠦ᠂ ᠰᠢᠭᠦᠨ ᠰᠢᠢᠳᠪᠦᠷᠢᠯᠡᠬᠦ ᠵᠡᠷᠭᠡ ᠠᠭᠤᠯᠭ᠎ᠠ ᠪᠠᠭᠲᠠᠨ᠎ᠠ᠃ ᠰᠢᠨ᠎ᠡ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠳᠤ ᠵᠠᠰᠠᠭ ᠵᠠᠬᠢᠷᠭᠠᠨ ᠤ ᠳᠠᠬᠢᠨ ᠵᠦᠪᠯᠡᠬᠦ ᠳᠤ ᠬᠢᠨᠠᠯᠲᠠ ᠲᠠᠯᠪᠢᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠴᠢᠳᠠᠮᠵᠢ ᠶᠢ ᠴᠢᠬᠤᠯᠠᠴᠢᠯᠠᠵᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠡᠪᠴᠢᠶ᠎ᠡ ᠶᠢ ᠥᠷᠭᠡᠳᠬᠡᠵᠦ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠶᠢ ᠲᠣᠳᠣᠷᠬᠠᠶᠢᠯᠠᠪᠠ᠃ ᠫᠷᠤᠹᠧᠰᠰᠤᠷ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠪᠦᠷᠢᠨ ᠪᠦᠲᠦᠨ ᠶᠠᠪᠤᠴᠠ ᠳᠤ ᠲᠠᠶᠢᠯᠤᠮᠵᠢ ᠬᠢᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠡᠷᠡᠴᠢ ᠪᠠᠷᠢᠮᠲᠠ ᠲᠤᠰᠢᠶᠠᠬᠤ ᠦᠶ᠎ᠡ ᠶᠢᠨ ᠠᠩᠬᠠᠷᠬᠤ ᠵᠦᠢᠯᠡᠰ ᠢ ᠭᠤᠣᠯᠳᠠᠯᠭ᠎ᠠ ᠲᠠᠢ ᠴᠢᠬᠤᠯᠠᠴᠢᠯᠠᠵᠤ᠂ ᠳᠠᠬᠢᠨ ᠵᠥᠪᠯᠡᠬᠦ ᠶᠠᠪᠤᠴᠠ ᠳᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠶᠢᠨ ᠥᠪᠡᠰᠦᠪᠡᠨ ᠭᠡᠷᠡᠴᠢ ᠠᠪᠴᠤ ᠪᠣᠯᠬᠤ ᠦᠭᠡᠢ ᠭᠡᠷᠡᠴᠢ ᠪᠠᠷᠢᠮᠲᠠ ᠶᠢᠨ ᠳᠦᠷᠢᠮ ᠢ ᠨᠠᠷᠢᠨ ᠲᠠᠶᠢᠯᠪᠤᠷᠢᠯᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠠᠪᠤᠴᠠ ᠳᠤ ᠭᠠᠷᠤᠭᠰᠠᠨ ︽ᠪᠠᠭ᠎ᠠ ᠠᠯᠳᠠᠭ᠎ᠠ ᠪᠤᠷᠤᠭᠤ ᠵᠣᠬᠢᠰ ᠦᠭᠡᠢ ᠠᠴᠠ ᠪᠤᠯᠵᠦ ᠬᠦᠨᠳᠦ ᠪᠠᠷ ᠰᠢᠢᠳᠭᠡᠭᠳᠡᠭᠰᠡᠨ︾ ᠬᠡᠷᠡᠭ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠳ ᠲᠤ ᠨᠢᠭᠡᠨ ᠪᠣᠳᠠᠲᠤ ᠠᠵᠢᠯ ᠤᠨ ᠬᠢᠴᠢᠶᠡᠯ ᠣᠷᠣᠵᠠᠢ᠃       ᠰᠢᠨ᠎ᠡ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠠᠯ᠎ᠠ ᠪᠠᠷ ᠨᠡᠩ ᠥᠨᠳᠥᠷ ᠱᠠᠭᠠᠷᠳᠠᠯᠭ᠎ᠠ ᠳᠤᠷᠠᠳᠴᠠᠢ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠴᠢᠩᠱᠠᠨ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠃ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠰᠢᠨ᠎ᠡ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠤᠬᠠᠭᠤᠯᠭ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠣᠷᠣᠯᠠᠨ ᠭᠦᠢᠴᠡᠳᠬᠡᠬᠦ ᠴᠡᠭ ᠵᠡᠷᠭᠡ ᠠᠵᠢᠯ ᠲᠠᠢ ᠤᠶᠠᠯᠳᠤᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠴᠠᠭᠠᠶ ᠬᠡᠷᠡᠭ ᠲᠤ ᠬᠢᠨᠠᠯᠲᠠ ᠲᠠᠯᠪᠢᠬᠤ ᠴᠢᠳᠠᠮᠵᠢ ᠶᠢ ᠲᠠᠰᠤᠷᠠᠯᠲᠠ ᠦᠭᠡᠢ ᠪᠠᠳᠠᠷᠠᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号