ᠳ᠋ᠢᠩ ᠺᠠᠢ ᠹᠦ᠋ ᠰᠢᠩ ᠶᠡᠭᠡ ᠵᠡᠭᠡᠯᠢ ᠳᠠᠭᠠᠤ ᠶᠢᠨ ᠬᠤᠶᠢᠲᠤ ᠬᠡᠰᠡᠭ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠰᠡᠴᠢ ᠪᠤᠯᠤᠩ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/11
      3 ᠰᠠᠷ᠎ᠠ ᠶᠢᠨ 8 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠹᠦ᠋ ᠰᠢᠩ ᠶᠡᠭᠡ ᠵᠡᠭᠡᠯᠢ ᠳᠠᠭᠠᠤ ᠶᠢᠨ ᠬᠤᠶᠢᠲᠤ ᠬᠡᠰᠡᠭ ᠤᠷᠤᠨ ᠤ  ᠣᠷᠴᠢᠨ ᠠᠬᠤᠢ ᠶᠢ ᠴᠡᠭᠴᠡᠯᠡᠨ ᠵᠠᠰᠠᠬᠤ ᠵᠢᠴᠢ ᠰᠡᠴᠢ ᠪᠤᠯᠤᠩ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠤᠨ ᠤᠳᠤᠷᠢᠳᠤᠯᠭ᠎ᠠ ᠰᠢᠦᠢ ᠼᠠᠢ ᠹᠧᠩ᠂ ᠵᠠᠩ ᠵᠢᠶᠠᠨ᠂ ᠵᠠᠩ ᠶᠢᠩ  ᠵᠢᠶᠧ᠂ ᠯᠢ ᠶᠦᠩ ᠭᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠳ᠋ᠢᠩ ᠺᠠᠢ ᠨᠠᠷ ᠤᠷᠢᠳ ᠬᠤᠵᠢᠳ ᠹᠦ᠋ ᠰᠢᠩ ᠶᠡᠭᠡ ᠵᠡᠭᠡᠯᠢ ᠶᠢᠨ ᠳᠠᠭᠠᠤ ᠶᠢᠨ ᠰᠦᠩ ᠱᠢ ᠤᠯᠠᠨ ᠤᠯᠤᠰ ᠤᠨ ᠬᠤᠳᠠ ᠶᠢᠨ ᠡᠮᠦᠨ᠎ᠡ ᠲᠠᠯ᠎ᠠ᠂ ᠯᠦ ᠲᠦᠩ ᠬᠠᠷᠢᠮᠠᠭ ᠦᠢᠯᠡᠳᠪᠦᠷᠢ ᠶᠢᠨ ᠪᠠᠶᠢᠰᠢᠩ᠂ ᠹᠦ᠋ ᠰᠢᠩ ᠶᠡᠭᠡ ᠵᠡᠭᠡᠯᠢ ᠪᠠ ᠴᠢᠩ ᠳ᠋ᠡ ᠱᠤᠭᠤᠮ ᠤᠨ ᠠᠭᠤᠯᠵᠠᠷ᠂ ᠰᠢᠨ᠎ᠡ ᠬᠠᠭᠤᠴᠢᠨ ᠪᠣᠯᠣᠳ ᠮᠠᠲ᠋ᠧᠷᠢᠶᠠᠯ ᠤᠨ ᠵᠠᠬ᠎ᠠ ᠳᠡᠯᠭᠡᠭᠦᠷ᠂ ᠤᠮᠠᠷᠠᠲᠤ ᠶᠢᠨ ᠹᠧᠩ ᡂᠢ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠬᠤᠯᠠ ᠵᠠᠮ ᠤᠨ ᠠᠶᠠᠨᠴᠢᠳ ᠤᠨ ᠵᠥᠭᠡᠭᠡᠪᠦᠷᠢ ᠶᠢᠨ ᠦᠷᠳᠡᠭᠡ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ  ᠬᠦᠷᠴᠦ᠂ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ᠂ ᠦᠵᠡᠮᠵᠢ ᠶᠢᠨ ᠨᠣᠭᠤᠭᠠᠷᠠᠭᠤᠯᠤᠯᠲᠠ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠭᠡᠷᠡᠴᠢᠯᠡᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠣᠶᠢᠯᠠᠭᠠᠨ᠂ ᠠᠵᠢᠯ ᠤᠨ ᠠᠬᠢᠴᠠ ᠶᠢ ᠨᠠᠷᠢᠨ ᠣᠶᠢᠯᠠᠭᠠᠵᠤ᠂ ᠠᠬᠢᠭᠤᠯᠬᠤ ᠠᠷᠭ᠎ᠠ ᠬᠡᠮᠵᠢᠶ᠎ᠡ ᠶᠢ ᠲᠤᠬᠠᠢ ᠶᠢᠨ ᠭᠠᠵᠠᠷ ᠲᠤᠨᠢ ᠰᠤᠳᠤᠯᠪᠠ᠃ ᠳ᠋ᠢᠩ ᠺᠠᠢ᠂ ᠹᠦ᠋ ᠰᠢᠩ ᠵᠡᠭᠡᠯᠢ ᠳᠠᠭᠠᠤ ᠶᠢᠨ ᠣᠷᠴᠢᠨ ᠲᠣᠭᠤᠷᠢᠨ ᠨᠢ ᠬᠤᠳᠠ ᠶᠢᠨ ᠲᠣᠭᠤᠷᠢᠭ ᠤᠨ ᠴᠢᠨᠠᠷ ᠴᠢᠨᠰᠠᠭ᠎ᠠ ᠪᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠠᠬᠢᠴᠠ ᠪᠠᠨ ᠲᠦᠷᠭᠡᠳᠬᠡᠵᠦ᠂ ᠬᠠᠮᠲᠤᠷᠠᠯᠴᠠᠨ ᠬᠠᠮᠵᠢᠯᠴᠠᠬᠤ ᠪᠠᠨ ᠴᠢᠩᠭᠠᠳᠬᠠᠵᠤ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠪᠠᠶᠢᠩᠭᠤ ᠶᠢᠨ ᠪᠦᠲᠦᠮᠵᠢᠲᠡᠢ ᠪᠠᠶᠢᠬᠤ ᠶᠢ ᠳᠤᠪᠤᠶᠢᠯᠭᠠᠵᠤ᠂ ᠥᠷᠭᠡᠨ ᠤᠯᠠᠨ ᠬᠤᠳᠠ ᠶᠢᠨ ᠠᠷᠠᠳ ᠲᠦᠮᠡᠨ ᠳᠤ ᠴᠡᠪᠡᠷ ᠲᠡᠭᠰᠢ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃       ᠰᠡᠴᠢ ᠪᠤᠯᠤᠩ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠳ᠋ᠢᠩ ᠺᠠᠢ ᠨᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠵᠤ ᠠᠬᠤᠶᠢᠯᠠᠯ ᠤᠨ ᠳᠤᠷᠠᠳᠤᠭᠰᠠᠨ ᠬᠦᠴᠢᠷᠳᠡᠯᠲᠡᠢ ᠠᠰᠠᠭᠤᠳᠠᠯ ᠤᠨ ᠲᠤᠬᠠᠢ ᠲᠤᠬᠠᠢ ᠶᠢᠨ ᠲᠠᠯᠠᠪᠠᠢ ᠳᠤ ᠠᠵᠢᠯᠯᠠᠬᠤ ᠬᠤᠷᠠᠯ ᠬᠤᠷᠠᠯᠳᠤᠭᠤᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠬᠠᠷᠢᠭᠤᠴᠠᠯᠭᠠᠲᠠᠨ ᠢ ᠨᠢᠭᠡᠳ ᠨᠢᠭᠡ ᠪᠠᠷ ᠲᠣᠳᠣᠷᠬᠠᠶᠢᠯᠠᠪᠠ᠃ ᠳ᠋ᠢᠩ ᠺᠠᠢ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ᠂ ᠬᠦᠴᠦᠨ ᠵᠦᠢᠯ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠥᠷᠥᠯ ᠵᠦᠢᠯ ᠤᠨ ᠡᠷᠲᠡᠬᠡᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号