ᠴᠠᠭᠠᠨ ᠰᠠᠷ᠎ᠠ ᠶᠢᠨ ᠳᠠᠷᠠᠭᠠᠬᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠤᠨᠢᠨ ᠳᠡᠭᠡᠷ᠎ᠡ ᠨᠢ ᠦᠢᠯᠡᠴᠢᠯᠡᠵᠦ ᠪᠦᠬᠦ ᠬᠦᠴᠦᠨ ᠢᠶᠠᠷ ᠢᠶᠠᠨ ᠪᠠᠲᠤᠯᠠᠨ᠎ᠠ
ᠨᠡᠶᠢᠲᠡᠯᠡᠭᠰᠡᠨ ᠴᠠᠭ᠄
2024/3/12
      ᠣᠶᠢᠷ᠎ᠠ ᠶᠢᠨ ᠡᠳᠦᠷ ᠤᠳ ᠲᠤ᠂ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠢᠨ ᠠᠵᠤ ᠠᠬᠤᠶᠢᠯᠠᠯ ᠤᠨ ᠠᠵᠢᠯᠴᠢᠨ ᠡᠯᠰᠡᠬᠦ ᠬᠦᠴᠢᠷ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠪᠠᠨ ᠥᠷᠭᠡᠳᠬᠡᠬᠦ ᠶᠢ ᠪᠦᠬᠦ ᠲᠠᠯ᠎ᠠ ᠪᠠᠷ ᠲᠡᠳᠭᠦᠪᠡ᠃ ᠵᠢᠯ ᠤᠨ ᠡᠬᠢᠨ ᠠᠴᠠ ᠡᠬᠢᠯᠡᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠤᠨ ᠲᠠᠯᠠᠪᠠᠢ ᠶᠢ ᠵᠣᠯᠭᠠᠭᠤᠯᠵᠤ᠂ ᠲᠤᠰᠬᠠᠢ ᠪᠠᠶᠢᠴᠠᠭᠠᠨ ᠰᠤᠳᠤᠯᠤᠯᠲᠠ ᠶᠢ 2 ᠤᠳᠠᠭ᠎ᠠ ᠬᠢᠵᠦ᠂ ᠠᠵᠤ ᠠᠬᠤᠶᠢᠯᠠᠯ ᠳᠤ 17 ᠤᠳᠠᠭ᠎ᠠ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ 22 ᠠᠵᠤ ᠠᠬᠤᠶᠢᠯᠠᠯ ᠳᠤ ᠠᠰᠢᠭ ᠬᠦᠷᠲᠡᠭᠡᠪᠡ︔ ᠡᠭᠦᠨ ᠳᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠤᠭᠰᠠᠨ ᠨᠢ 55 ᠠᠵᠤ ᠠᠬᠤᠶᠢᠯᠠᠯ᠂ 1541 ᠠᠵᠢᠯ ᠤᠨ ᠪᠠᠶᠢᠷᠢ ᠳᠤ ᠬᠤᠯᠪᠣᠭᠳᠠᠵᠤ᠂ 6.1 ᠲᠦᠮᠡᠨ ᠬᠥᠮᠥᠨ ᠤᠳᠠᠭ᠎ᠠ ᠶᠢ ᠰᠢᠭᠤᠳ ᠨᠠᠪᠲᠠᠷᠡᠭᠦᠯᠵᠦ᠂ 426 ᠬᠥᠮᠥᠨ ᠤᠳᠠᠭ᠎ᠠ ᠶᠢᠨ ᠲᠣᠪᠴᠢ ᠨᠠᠮᠲᠠᠷ ᠢ ᠬᠦᠷᠭᠡᠵᠡᠢ︔ ᠮᠡᠳᠡᠭᠡ ᠵᠠᠩᠭᠢ ᠶᠢᠨ ᠳᠠᠮᠵᠢᠭᠤᠯᠭ᠎ᠠ ᠨᠢ ᠨᠡᠶᠢᠲᠡ 39 ᠠᠵᠤ ᠠᠬᠤᠶᠢᠯᠠᠯ᠂ 2598 ᠠᠵᠢᠯ ᠤᠨ ᠪᠠᠶᠢᠷᠢ ᠳᠤ ᠬᠤᠯᠪᠣᠭᠳᠠᠵᠤ᠂ ᠪᠠᠷᠤᠭ 4455 ᠤᠳᠠᠭ᠎ᠠ ᠦᠵᠡᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号