ᠴᠢᠩᠱᠠᠨ ᠲᠣᠭᠤᠷᠢᠭ ᠤᠨ ᠠᠯᠪᠠᠨ ᠠᠴᠠ ᠡᠷᠭᠢᠯᠡᠭᠰᠡᠨ ᠭᠤᠷᠪᠠᠨ ᠰᠠᠭᠤᠷᠢ ᠬᠡᠦᠬᠡᠳ ᠤᠨ ᠴᠡᠴᠡᠷᠯᠢᠭ ︽ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ︾ ᠢᠶᠠᠷ ᠮᠠᠭᠠᠳᠯᠠᠨ ᠲᠣᠭᠲᠠᠭᠠᠪᠠ
ᠨᠡᠶᠢᠲᠡᠯᠡᠭᠰᠡᠨ ᠴᠠᠭ᠄
2024/3/12
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠢ ᠦᠨᠡᠯᠡᠨ ᠵᠢᠱᠢᠬᠦ ᠵᠢᠴᠢ ᠬᠠᠮᠢᠶᠠᠷᠬᠤ ᠠᠷᠭ᠎ᠠ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠢ ᠦᠨᠡᠯᠡᠨ ᠵᠢᠱᠢᠬᠦ ᠪᠠᠷᠢᠮᠵᠢᠶ᠎ᠠ︾ ᠶᠢ ᠦᠨᠳᠦᠰᠦᠯᠡᠨ᠂ ᠲᠤᠬᠠᠢ ᠶᠢᠨ ᠭᠠᠵᠠᠷ ᠲᠤᠨᠢ ᠦᠨᠡᠯᠡᠨ ᠵᠢᠱᠢᠵᠦ ᠰᠢᠯᠭᠠᠨ ᠠᠪᠬᠤ ᠪᠠᠷ ᠳᠡᠮᠵᠢᠨ᠂ ᠴᠢᠩᠱᠠᠨ ᠲᠣᠭᠤᠷᠢᠭ ᠤᠨ ᠰᠥᠩ ᠱᠢ ᠬᠡᠦᠬᠡᠳ ᠤᠨ ᠴᠡᠴᠡᠷᠯᠢᠭ᠂ ᠪᠦᠦ ᠯᠢ ᠬᠡᠦᠬᠡᠳ ᠤᠨ ᠴᠡᠴᠡᠷᠯᠢᠭ᠂ ᠪᠥᠸᠧ ᠶᠠ ᠬᠡᠦᠬᠡᠳ ᠤᠨ ᠴᠡᠴᠡᠷᠯᠢᠭ ᠢ ᠴᠥᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ︾ ᠢᠶᠠᠷ ᠮᠠᠭᠠᠳᠯᠠᠨ ᠲᠣᠭᠲᠠᠭᠠᠵᠤ᠂ ᠬᠢᠷᠢ ᠲᠡᠩᠴᠡᠭᠰᠡᠨ ᠨᠣᠷᠮ᠎ᠠ  ᠨᠢ 100% ᠳᠤ ᠬᠦᠷᠪᠡ᠃       ᠴᠢᠩᠱᠠᠨ ᠲᠣᠭᠤᠷᠢᠭ ᠤᠨ ᠬᠢᠨ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠵᠤ ᠪᠠᠶᠢᠭᠠᠳ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠴᠢᠯᠦᠭᠡᠲᠡᠢ ᠪᠥᠭᠡᠳ ᠪᠡᠶ᠎ᠡ ᠪᠠᠨ ᠳᠠᠭᠠᠭᠠᠭᠰᠠᠨ ᠲᠣᠭᠯᠠᠭᠠᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠲᠣᠬᠢᠷᠠᠮᠵᠢᠲᠠᠢ ᠡᠯᠪᠡᠭ ᠪᠠᠶᠠᠯᠢᠭ ᠲᠣᠭᠯᠠᠭᠠᠮ ᠤᠨ ᠮᠠᠲ᠋ᠧᠷᠢᠶᠠᠯ ᠬᠠᠩᠭᠠᠵᠤ᠂ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠡᠷᠭᠢᠯᠡᠬᠦ ᠨᠥᠬᠦᠴᠡᠯ  ᠢ ᠳᠡᠭᠡᠭᠰᠢᠯᠡᠭᠦᠯᠪᠡ᠃ ᠪᠠᠭᠰᠢ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠰᠤᠷᠤᠯᠴᠠᠯᠭ᠎ᠠ᠂ ᠲᠤᠰᠬᠠᠢ ᠮᠡᠷᠭᠡᠵᠢᠯᠲᠡᠨ ᠤ ᠴᠡᠴᠡᠷᠯᠢᠭ ᠲᠤ ᠬᠦᠷᠴᠦ ᠵᠢᠯᠤᠭᠤᠳᠬᠤ᠂ ᠭᠠᠳᠠᠭᠰᠢ ᠭᠠᠷᠴᠤ ᠠᠵᠢᠯ ᠤᠨ ᠪᠠᠶᠢᠷᠢ ᠳᠠᠭᠠᠵᠤ ᠪᠣᠯᠪᠠᠰᠤᠷᠠᠭᠤᠯᠬᠤ᠂ ︽ᠪᠡᠶ᠎ᠡ ᠪᠠᠨ ᠳᠠᠭᠠᠭᠠᠵᠤ ᠨᠠᠭᠠᠳᠬᠤ︾ ᠶᠡᠭᠡ ᠵᠢᠭᠠᠨ ᠰᠤᠳᠤᠯᠬᠤ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠠᠵᠢᠭᠯᠠᠬᠤ ᠪᠠ ᠬᠥᠲᠥᠯᠥᠨ ᠵᠢᠯᠤᠭᠤᠳᠬᠤ ᠣᠨᠣᠯᠵᠢᠬᠤᠨ ᠢ ᠰᠢᠨᠡᠳᠬᠡᠵᠦ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠣᠰ ᠤᠳᠠᠭᠠᠨ ᠤ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠢ ᠠᠳᠠᠯᠢᠳᠬᠠᠨ ᠰᠢᠯᠭᠠᠷᠠᠭᠤᠯᠬᠤ ᠪᠠᠷ ᠭᠤᠶᠤᠴᠢᠯᠠᠬᠤ᠂ ᠴᠢᠩᠱᠠᠨ ᠲᠣᠭᠤᠷᠢᠭ ᠥᠪᠡᠰᠦᠪᠡᠨ ᠰᠢᠯᠭᠠᠷᠠᠭᠤᠯᠬᠤ᠂ ᠠᠩᠬ᠎ᠠ ᠰᠢᠯᠭᠠᠷᠠᠭᠤᠯᠬᠤ ᠪᠠᠷ ᠳᠡᠮᠵᠢᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠭᠠᠰ ᠡᠳᠦᠷ ᠤᠨ ᠠᠵᠢᠯᠯᠠᠭ᠎ᠠ ᠪᠠᠷ ᠲᠣᠭᠤᠷᠢᠨ ᠦᠵᠡᠬᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠴᠡᠴᠡᠷᠯᠢᠭ ᠤᠨ ᠳᠠᠷᠤᠭ᠎ᠠ ᠶᠢᠨ ᠬᠠᠷᠢᠭᠤ ᠮᠡᠳᠡᠭᠦᠯᠦᠯᠲᠡ ᠬᠢᠬᠦ᠂ ᠰᠣᠯᠢᠯᠴᠠᠨ ᠬᠠᠷᠢᠭᠤ ᠲᠤᠰᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠮᠡᠳᠡᠭᠦᠯᠦᠭᠰᠡᠨ ᠬᠡᠦᠬᠡᠳ ᠤᠨ ᠴᠡᠴᠡᠷᠯᠢᠭ ᠲᠤ ᠨᠠᠷᠢᠨ ᠨᠢᠮᠪᠠᠢ ᠦᠨᠡᠯᠡᠨ ᠵᠢᠱᠢᠯᠲᠡ ᠪᠠ ᠵᠢᠯᠣᠭᠤᠳᠤᠯᠭ᠎ᠠ ᠬᠢᠵᠦ᠂ ᠲᠣᠰ ᠤᠳᠠᠭᠠᠨ ᠤ ᠮᠠᠭᠠᠳᠯᠠᠨ ᠲᠣᠭᠲᠠᠭᠠᠯᠲᠠ ᠶᠢ 100% ᠬᠦᠷᠭᠡᠬᠦ ᠶᠢ ᠦᠨᠡᠨᠬᠦ ᠪᠠᠲᠤᠯᠠᠭᠰᠠᠨ ᠪᠠᠶᠢᠨ᠎ᠠ᠃       ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠲᠣᠭᠯᠠᠭᠠᠮ ᠢᠶᠠᠷ ᠦᠨᠳᠦᠰᠦᠨ ᠠᠵᠢᠯᠯᠠᠭ᠎ᠠ ᠪᠠᠨ ᠪᠣᠯᠭᠠᠬᠤ︾᠂ ︽ᠨᠢᠭᠡ ᠡᠳᠦᠷ ᠤᠨ ᠠᠮᠢᠳᠤᠷᠠᠯ ᠳᠤ ᠬᠢᠴᠢᠶᠡᠯ ᠣᠷᠣᠬᠤ︾ ᠣᠶᠢᠯᠠᠭᠠᠭᠳᠠᠬᠤᠨ ᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠵᠦ ᠴᠢᠨᠠᠷ ᠰᠠᠶᠢᠲᠠᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠭᠦᠯᠬᠦ ᠪᠠᠷ ᠬᠠᠷᠠᠯᠲᠠ ᠪᠣᠯᠭᠠᠵᠤ᠂ ᠵᠣᠷᠢᠭᠲᠠᠢ ᠪᠠᠷ ᠬᠥᠭᠵᠢᠬᠦ᠂ ᠬᠢᠴᠢᠶᠡᠨ ᠪᠣᠳᠣᠯᠬᠢᠯᠠᠬᠤ᠂ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠨ᠎ᠡ ᠵᠠᠭᠪᠤᠷ ᠢ ᠢᠲᠡᠭᠡᠬᠦ ᠶᠢ ᠬᠦᠴᠦᠯᠡᠨ ᠪᠠᠶᠢᠭᠤᠯᠵᠤ᠂ ︽ᠰᠢᠯᠢᠳᠡᠭ ᠰᠤᠷᠬᠤᠢ ᠶᠢ ᠴᠢᠩᠱᠠᠨ ᠳᠤ ᠰᠤᠷᠤᠯᠴᠠᠬᠤ︾ ᠰᠤᠷᠭᠠᠨ ᠬᠥᠮᠦᠵᠢᠯ ᠤᠨ ᠲᠦᠷᠦᠯ ᠲᠡᠮᠳᠡᠭ ᠢ ᠦᠷᠭᠦᠯᠵᠢᠯᠡᠨ ᠭᠡᠷᠡᠯᠳᠦᠬᠦᠯᠦᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号