ᠨᠠᠨ ᠭᠤᠤ ᡂᠢ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦᠨ ᠬᠠᠶᠢᠷᠴᠠᠭ ᠤᠨ ᠦᠢᠯᠡᠳᠪᠦᠷᠢᠯᠡᠯ ᠤᠨ ᠲᠤᠷᠰᠢᠯᠲᠠ ᠶᠢᠨ ᠲᠥᠷᠥᠯ ᠵᠦᠢᠯ ᠨᠢ ᠲᠣᠨᠤᠭ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠤᠬᠢᠷᠠᠭᠤᠯᠵᠤ ᠪᠤᠢ
ᠨᠡᠶᠢᠲᠡᠯᠡᠭᠰᠡᠨ ᠴᠠᠭ᠄
2024/3/12
      ᠨᠠᠨ ᠭᠤᠤ ᡂᠢ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦᠨ ᠬᠠᠶᠢᠷᠴᠠᠭ ᠤᠨ ᠦᠢᠯᠡᠳᠪᠦᠷᠢᠯᠡᠯ ᠤᠨ ᠲᠤᠷᠰᠢᠯᠲᠠ ᠶᠢᠨ ᠲᠦᠷᠦᠯ ᠵᠦᠢᠯ ᠨᠢ ᠲᠤᠨᠤᠭ ᠲᠦᠭᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠶᠢᠭᠤᠯᠤᠭᠰᠠᠨ ᠲᠣᠭᠤᠷᠢᠭ ᠲᠤ ᠪᠠᠶᠢᠷᠢᠯᠠᠵᠤ᠂ ᠨᠡᠶᠢᠳᠡ 4—6 ᠳ᠋ᠤᠭᠠᠷ ᠦᠢᠯᠡᠳᠪᠦᠷᠢ ᠶᠢᠨ ᠪᠠᠶᠢᠰᠢᠩ ᠢ 3.5 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ ᠭᠤᠣᠯᠳᠠᠭᠤ 5—7 ᠰᠠᠶ᠎ᠠ ᠸᠠᠲ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦᠨ  ᠬᠠᠶᠢᠷᠴᠠᠭ ᠢ ᠦᠢᠯᠡᠳᠪᠦᠷᠢᠯᠡᠬᠦ ᠶᠢᠨ ᠬᠠᠮᠲᠤ 12MW ᠲᠤᠷᠰᠢᠯᠲᠠ ᠶᠢᠨ ᠲᠠᠪᠴᠠᠩ ᠢ ᠰᠢᠨ᠎ᠡ ᠪᠠᠷ ᠨᠡᠮᠡᠪᠡ᠃ ᠣᠳᠣᠬᠠᠨ ᠳᠤ᠂ ᠦᠢᠯᠡᠳᠪᠦᠷᠢ ᠶᠢᠨ ᠭᠡᠷ ᠪᠠᠶᠢᠰᠢᠩ ᠢ ᠨᠢᠭᠡᠨᠲᠡ ᠪᠠᠷᠢᠵᠤ ᠳᠠᠭᠤᠰᠬᠠᠭᠠᠳ᠂ 5 ᠰᠠᠭᠤᠷᠢ ᠲᠥᠬᠦᠭᠡᠷᠦᠮᠵᠢ ᠶᠢ ᠶᠠᠭ ᠤᠭᠰᠠᠷᠠᠵᠤ ᠲᠣᠬᠢᠷᠠᠭᠤᠯᠤᠨ ᠲᠤᠷᠰᠢᠵᠤ᠂ ᠦᠯᠡᠳᠡᠭᠰᠡᠨ 5 ᠰᠠᠭᠤᠷᠢ ᠲᠥᠬᠦᠭᠡᠷᠦᠮᠵᠢ ᠶᠢ 3 ᠰᠠᠷ᠎ᠠ ᠶᠢᠨ ᠰᠡᠭᠦᠯᠴᠢ ᠠᠴᠠ ᠡᠬᠢᠯᠡᠨ ᠵᠠᠯᠭᠠᠭ᠎ᠠ ᠪᠠᠷ ᠲᠠᠯᠠᠪᠠᠢ ᠳᠤ ᠣᠷᠣᠭᠤᠯᠵᠤ᠂ 2024 ᠣᠨ ᠤ 5 ᠰᠠᠷ᠎ᠠ ᠳᠤ ᠤᠭᠰᠠᠷᠠᠵᠤ ᠲᠣᠬᠢᠷᠠᠭᠤᠯᠤᠨ ᠲᠤᠷᠰᠢᠵᠤ᠂ 6 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠃ ᠲᠥᠷᠥᠯ ᠵᠦᠢᠯ ᠪᠦᠬᠦᠨ ᠢᠶᠠᠷ ᠢᠶᠠᠨ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠳᠤ 1.5 ︱ 7MW ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠠᠷᠠᠭᠠᠲᠤ ᠬᠦᠷᠳᠦᠨ ᠤ ᠬᠤᠷᠳᠤᠴᠠ ᠥᠭᠡᠷᠡᠴᠢᠯᠡᠬᠦ ᠬᠠᠶᠢᠷᠴᠠᠭ 800 ᠶᠢ ᠦᠢᠯᠡᠳᠪᠦᠷᠢᠯᠡᠬᠦ ᠴᠢᠳᠠᠪᠤᠷᠢ ᠲᠠᠢ ᠪᠣᠯᠣᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号