ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/13
      3 ᠰᠠᠷ᠎ᠠ ᠶᠢᠨ 12 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠷᠠᠯ ᠬᠤᠷᠠᠯᠳᠤᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠮᠠ ᠴᠢᠤᠸᠠᠨ ᠸᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃       ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠪᠦᠬᠦ ᠤᠯᠤᠰ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠴᠢᠩᠱᠠᠨ ᠲᠣᠭᠤᠷᠢᠭ ᠤᠨ 2024 ᠣᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠪᠠ ᠤᠯᠤᠰ ᠲᠦᠷᠦ ᠶᠢᠨ ᠵᠥᠪᠯᠡᠯᠭᠡᠨ ᠤ ᠴᠢᠩᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠦᠪᠯᠡᠪᠡ᠃       ᠬᠤᠷᠠᠯ  ᠠᠴᠠ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠤᠯᠤᠰ ᠲᠥᠷᠥ  ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠤ ᠳᠤᠮᠳᠠᠳᠤ ᠤᠯᠤᠰ ᠤᠨ ᠭᠤᠮᠢᠨᠳᠠᠩ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ᠂ ᠣᠷᠴᠢᠨ ᠠᠬᠤᠢ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠦ᠂ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠂ ᠪᠠᠶᠢᠩᠭᠤ  ᠶᠢᠨ ᠬᠤᠷᠢᠶᠠᠨ ᠤ ᠪᠦᠷᠢᠯᠳᠦᠭᠦᠨ ᠨᠠᠷ ᠡᠷᠬᠡᠪᠰᠢ ᠪᠦᠬᠦ ᠲᠠᠯ᠎ᠠ ᠪᠠᠷ᠂ ᠨᠠᠷᠢᠨ ᠨᠢᠮᠪᠠᠢ ᠲᠠᠶᠢᠯᠪᠤᠷᠢᠯᠠᠨ ᠣᠨᠣᠪᠴᠢᠲᠠᠶ ᠲᠠᠶᠢᠯᠪᠤᠷᠢᠯᠠᠵᠤ᠂ ᠲᠣᠳᠣᠷᠬᠠᠢ ᠲᠠᠶᠢᠯᠪᠤᠷᠢᠯᠠᠬᠤ  ᠶᠢᠨ ᠬᠠᠮᠲᠤ ᠠᠵᠢᠯᠯᠠᠭ᠎ᠠ  ᠶᠢᠨ ᠳᠤᠮᠳᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃       ᠬᠤᠷᠠᠯ ᠠᠴᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠠ ᠴᠢᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 40 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠡᠦᠬᠡ ᠪᠠ ᠴᠢᠩᠱᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠥᠩᠭᠡᠷᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠡᠭᠦᠨ ᠤ ᠤᠯᠠᠮ ᠠᠴᠠ ᠬᠥᠭᠵᠢᠯᠲᠡ ᠶᠢᠨ ᠶᠡᠭᠡ ᠲᠠᠯ᠎ᠠ ᠶᠡᠭᠡ ᠬᠠᠨᠳᠤᠰᠢ ᠶᠢ ᠨᠡᠩ ᠣᠨᠣᠪᠴᠢᠲᠠᠢ ᠡᠵᠡᠮᠳᠡᠬᠦ ᠬᠡᠷᠡᠭᠲᠡᠢ᠃ ᠲᠡᠷᠢᠭᠦᠨ ᠤ ᠭᠠᠵᠠᠷ ᠣᠷᠣᠨ ᠠᠴᠠ ᠰᠤᠷᠤᠯᠴᠠᠬᠤ ᠳᠠᠭᠠᠨ ᠴᠢᠳᠠᠮᠠᠭᠠᠢ ᠪᠠᠶᠢᠵᠤ᠂ ᠲᠡᠷᠢᠭᠦᠨ ᠤ ᠬᠢ ᠲᠠᠢ ᠬᠠᠷᠢᠴᠠᠭᠤᠯᠤᠨ ᠲᠤᠷᠰᠢᠯᠭ᠎ᠠ ᠶᠢ ᠰᠤᠷᠤᠯᠴᠠᠵᠤ᠂ ︽ᠭᠠᠳᠠᠭᠰᠢ ᠭᠠᠷᠬᠤ᠂ ᠤᠷᠢᠵᠤ ᠠᠪᠴᠢᠷᠠᠬᠤ︾ ᠶᠢ ᠤᠶᠠᠯᠳᠤᠭᠤᠯᠤᠭᠰᠠᠨ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠵᠠᠭᠪᠤᠷ ᠢ ᠪᠠᠶᠢᠭᠤᠯᠵᠤ᠂ ᠰᠢᠯᠢᠳᠡᠭ ᠢ ᠨᠢ ᠰᠣᠩᠭᠤᠨ ᠰᠤᠳᠤᠯᠭᠠᠨ ᠤ ᠰᠡᠳᠦᠪ ᠤᠨ ᠳᠤᠭᠤᠶᠢᠯᠠᠩ ᠢ ᠲᠣᠬᠢᠷᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠡᠩ ᠬᠦᠴᠦᠲᠡᠢ ᠯᠠᠪᠯᠠᠯᠲᠠ ᠬᠠᠩᠭᠠᠬᠤ ᠬᠡᠷᠡᠭᠲᠡᠢ᠃ ᠪᠦᠬᠦ ᠵᠢᠯ ᠤᠨ ᠠᠵᠢᠯ ᠤᠨ ᠡᠭᠦᠷᠭᠡ ᠲᠠᠢ ᠬᠠᠷᠢᠴᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠠᠬᠢᠴᠠ ᠶᠢ ᠴᠠᠭ ᠢᠮᠠᠭᠲᠠ ᠠᠩᠬᠠᠷᠴᠤ᠂ ᠲᠤᠬᠠᠶᠢᠯᠠᠭᠰᠠᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠵᠦ᠂ ᠵᠥᠪᠳᠡᠯᠴᠡᠨ ᠪᠠᠶᠢᠴᠠᠭᠠᠨ ᠰᠤᠳᠤᠯᠤᠯᠲᠠ ᠬᠢᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠳᠤ ᠨᠡᠩ ᠤᠯᠠᠨ ᠣᠷᠣᠯᠴᠠᠵᠤ᠂ ᠪᠦᠬᠦ ᠵᠢᠯ ᠤᠨ ᠡᠯ᠎ᠡ ᠵᠦᠢᠯ ᠤᠨ ᠠᠵᠢᠯ ᠢᠶᠠᠨ ᠨᠡᠩ ᠴᠢᠨᠠᠷ ᠰᠠᠶᠢᠲᠠᠢ ᠪᠡᠶᠡᠯᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠳᠤ ᠴᠢᠨᠠᠷ ᠰᠠᠶᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠤᠨ ᠲᠠᠷᠠᠭ᠎ᠠ ᠤᠯᠤᠰ ᠲᠦᠷᠤ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠶᠢ ᠦᠷᠨᠢᠭᠦᠯᠪᠡ᠃ ᠪᠦᠬᠦ ᠪᠠᠶᠢᠩᠭᠤ ᠶᠢᠨ ᠭᠡᠰᠢᠭᠦᠳ ᠢ ᠤᠯᠤᠰ ᠲᠥᠷᠥ  ᠶᠢᠨ ᠵᠥᠪᠯᠡᠯᠭᠡᠨ ᠤ ᠨᠢᠭᠡᠳᠦᠮᠡᠯ ᠹᠷᠣᠨᠲ ᠤᠨ ᠦᠢᠯᠡᠳᠦᠯ  ᠢ ᠪᠦᠬᠦ ᠲᠠᠯ᠎ᠠ ᠪᠠᠷ ᠡᠵᠡᠮᠰᠢᠵᠦ᠂ ᠳᠤᠮᠳᠠᠳᠤ  ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ  ᠢ ᠪᠤᠶ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠵᠦᠢᠯ ᠤᠨ ᠠᠵᠢᠯ ᠢ ᠲᠦᠷᠦᠭᠦᠯᠡᠨ ᠰᠠᠶᠢᠲᠤᠷ ᠬᠢᠵᠦ᠂ ᠪᠣᠳᠠᠲᠠᠢ ᠠᠷᠭ᠎ᠠ ᠬᠡᠮᠵᠢᠶ᠎ᠡ ᠪᠠ ᠪᠣᠳᠠᠲᠤ ᠠᠵᠢᠯᠯᠠᠭ᠎ᠠ ᠪᠠᠷ ᠢᠶᠠᠨ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ  ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号