ᠪᠠᠢ ᠶᠦᠨ ᠰᠢ ᠢᠳᠡᠭᠡᠨ ᠤ ᠠᠮᠤᠷ ᠲᠦᠪᠰᠢᠨ ᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/14
      3 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠢᠳᠡᠭᠡᠨ ᠤ ᠠᠮᠤᠷ ᠲᠦᠪᠰᠢᠨ ᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ᠃       ᠪᠠᠢ ᠶᠦᠨ ᠰᠢ ᠨᠠᠷ ᠤᠷᠢᠳ ᠬᠤᠵᠢᠳ ᠮᠧᠩ ᠨᠢᠦ ᠰᠦ ᠶᠢᠨ ᠦᠢᠯᠡᠰ ᠤᠨ ᠺᠣᠮᠫᠠᠨᠢ᠂ ᠿᠦᠩ ᠬᠤᠸᠠ ᠮᠧᠩ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢᠯᠡᠯ ᠤᠨ ᠴᠤᠪᠤᠷᠠᠯ ᠱᠤᠭᠤᠮ᠂ ᠠᠦ᠋ᠲ᠋ᠣᠴᠢᠯᠠᠭᠰᠠᠨ ᠳᠤᠮᠳᠠ ᠡᠵᠡᠮᠰᠢᠯ ᠤᠨ ᠲᠠᠰᠤᠭ᠂ ᠪᠣᠯᠪᠠᠰᠤᠷᠠᠯ ᠤᠨ ᠲᠠᠰᠤᠭ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯ ᠤᠨ ᠡᠬᠡ ᠲᠠᠩᠰᠠ ᠶᠢ ᠬᠢᠨᠠᠮᠠᠭᠠᠢ ᠦᠵᠡᠵᠦ᠂ ᠢᠳᠡᠭᠡᠨ ᠤ ᠲᠥᠷᠥᠯ ᠵᠦᠢᠯ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠪᠣᠷᠣᠯᠠᠭᠤᠯᠵᠤ ᠲᠣᠬᠢᠷᠠᠭᠤᠯᠤᠨ ᠬᠦᠷᠭᠡᠬᠦ ᠵᠡᠷᠭᠡ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠵᠢᠴᠢ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠶᠢᠨ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠢᠳᠡᠭᠡᠨ ᠡᠳ᠋ᠰᠢᠭᠦᠯᠬᠦ ᠲᠠᠯᠠᠪᠤᠷ ᠭᠠᠵᠠᠷ ᠤᠨ ᠠᠷᠢᠭᠤᠨ ᠴᠡᠪᠡᠷ ᠣᠷᠴᠢᠨ ᠲᠣᠭᠤᠷᠢᠨ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠡᠳ᠋ᠰᠢᠭᠦᠯᠬᠦ ᠠᠵᠢᠯᠯᠠᠭ᠎ᠠ ᠨᠢ ᠵᠢᠷᠤᠮᠵᠢᠯ ᠲᠠᠢ ᠪᠠᠶᠢᠬᠤ ᠡᠰᠡᠬᠦ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠤᠶᠢᠯᠭᠠᠪᠠ᠃       ᠪᠠᠢ ᠶᠦᠨ ᠰᠢ᠂ ᠡᠯ᠎ᠡ ᠠᠵᠤ ᠠᠬᠤᠶᠢᠯᠠᠯ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠡᠬᠢ ᠡᠭᠦᠰᠦᠯ ᠢ ᠡᠷᠢᠬᠦ ᠠᠵᠢᠯ ᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠪᠠᠢ ᠶᠦᠨ ᠰᠢ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠵᠠᠩᠭᠢᠯᠠᠭ᠎ᠠ ᠶᠢᠨ ᠦᠶ᠎ᠡ ᠳᠤ ᠬᠦᠷᠴᠦ᠂ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠢᠳᠡᠭᠡᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠭᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠬᠡᠯᠡᠯᠴᠡᠬᠦ ᠶᠢ ᠪᠠᠷᠢᠮᠲᠠᠯᠠᠵᠤ᠂ ᠪᠠᠷᠢᠮᠵᠢᠶ᠎ᠠ ᠬᠦᠰᠦᠨᠦᠭᠲᠦ ᠲᠠᠢ ᠬᠠᠷᠢᠴᠠᠭᠤᠯᠤᠨ ᠨᠠᠷᠢᠨ ᠵᠦᠢᠯᠡᠰ ᠢ ᠠᠳᠬᠤᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠨᠠᠷᠢᠯᠢᠭ᠂ ᠭᠦᠨᠵᠡᠭᠡᠢ᠂ ᠪᠣᠳᠠᠲᠠᠢ ᠪᠠᠷ ᠬᠢᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠤᠳᠠ ᠪᠠᠶᠢᠭᠤᠯᠬᠤ ᠠᠵᠢᠯ ᠢ ᠪᠦᠬᠦ ᠬᠦᠷᠢᠶᠡᠨ ᠳᠤ ᠪᠦᠷᠬᠦᠭᠦᠯᠬᠦ ᠶᠢ ᠠᠬᠢᠭᠤᠯᠵᠤ᠂ ᠪᠦᠬᠦ ᠲᠤᠭᠤᠷᠢᠭ ᠤᠨ ᠢᠳᠡᠭᠡᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠡᠭᠦᠳᠦᠨ ᠪᠠᠶᠢᠭᠤᠯᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠡᠭᠦᠳᠦᠨ ᠪᠠᠶᠢᠭᠤᠯᠬᠤ ᠠᠵᠢᠯ ᠢ ᠬᠠᠮᠲᠤ ᠪᠠᠷ ᠬᠠᠯᠠᠮᠵᠢᠯᠠᠬᠤ᠂ ᠳᠡᠮᠵᠢᠬᠦ ᠪᠠ ᠣᠷᠣᠯᠴᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠣᠯᠠᠨ ᠲᠠᠯ᠎ᠠ ᠪᠠᠷ ᠢᠶᠠᠨ ᠬᠠᠮᠵᠢᠯᠴᠠᠬᠤ᠂ ᠥᠷᠭᠡᠨ ᠢᠶᠠᠷ ᠣᠷᠣᠯᠴᠠᠬᠤ᠂ ᠬᠠᠮᠲᠤ ᠪᠠᠷ ᠲᠡᠮᠡᠴᠡᠨ ᠬᠠᠮᠲᠤ ᠪᠠᠷ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠭᠦᠳᠦᠨ ᠪᠠᠶᠢᠭᠤᠯᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号