ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠠᠯᠪᠠᠨ ᠲᠢᠩᠬᠢᠮ ︽ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠨᠡᠷ᠎ᠡ ᠳᠤᠷᠠᠳᠴᠤ | ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠢ | ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ᠂ ᠨᠠᠮ ᠤᠨ ᠲᠥᠪ ᠬᠤᠷᠢᠶ᠎ᠠ ᠠᠴᠠ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠲᠠᠰᠢᠷᠠᠮ ᠳᠤ᠂ ᠤᠯᠤᠰ ᠤᠨ ᠭᠠᠪᠢᠶᠠᠨ | ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠰᠢᠯᠭᠠᠷᠠᠭᠤᠯᠤᠨ ᠣᠯᠭᠤᠵᠤ᠂ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠨᠢᠭᠡ | ᠪᠦᠯᠦᠭ ᠭᠠᠪᠢᠶᠠᠲᠤ ᠵᠢᠱᠢᠶᠡᠴᠢ ᠬᠥᠮᠥᠰ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠬᠤ ᠪᠠᠷ ᠲᠣᠭᠲᠠᠵᠠᠢ ᠭᠡᠵᠦ | ᠵᠢᠭᠠᠵᠤ ᠭᠠᠷᠭᠠᠪᠠ᠃ | ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ | ᠬᠥᠮᠥᠰ ᠢ ᠬᠠᠮᠤᠭ ᠤᠨ ᠳᠡᠭᠡᠳᠦ ᠪᠠᠷᠢᠮᠵᠢᠶ᠎ᠠ ᠪᠠᠷ ᠬᠥᠬᠢᠭᠦᠯᠦᠨ ᠰᠠᠶᠢᠰᠢᠶᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ | ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠨ | ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠢᠳᠡᠪᠬᠢᠵᠢᠯ ᠢ ᠬᠥᠭᠵᠢᠭᠡᠵᠦ᠂ ᠪᠦᠭᠦ ᠨᠡᠶᠢᠭᠡᠮ ᠢᠶᠠᠷ ᠢᠶᠠᠨ ᠡᠷᠳᠡᠮᠲᠡᠨ | ᠮᠡᠷᠭᠡᠳ ᠠᠴᠠ ᠰᠤᠷᠤᠯᠴᠠᠬᠤ᠂ ᠪᠠᠭᠠᠲᠤᠷᠴᠤᠳ ᠢ ᠬᠦᠨᠳᠦᠳᠬᠡᠬᠦ᠂ ᠬᠤᠰᠢᠭᠤᠴᠢ ᠪᠤᠯᠬᠤ ᠪᠠᠷ ᠴᠢᠷᠮᠠᠶᠢᠬᠤ ᠶᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠭᠦ ᠬᠡᠷᠡᠭᠲᠡᠢ᠃ | ︽ᠮᠡᠳᠡᠭᠳᠡᠯ︾ ᠳᠤ ᠨᠡᠷ᠎ᠡ ᠳᠤᠷᠠᠳᠬᠤ ᠵᠢᠱᠢᠭᠳᠡᠭᠴᠢ ᠶᠢᠨ ᠬᠡᠪᠴᠢᠶ᠎ᠡ ᠪᠠ ᠨᠥᠬᠦᠴᠡᠯ ᠢ ᠲᠣᠳᠣᠷᠬᠠᠶᠢᠯᠠᠪᠠ᠃ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ | ᠦᠵᠡᠭᠦᠯᠦᠭᠰᠡᠨ ᠬᠤᠪᠢ ᠬᠥᠮᠥᠨ ᠢ ᠴᠥᠮ ᠨᠡᠷ᠎ᠡ ᠳᠤᠷᠠᠳᠴᠤ ᠪᠣᠯᠣᠨ᠎ᠠ᠂ ᠨᠥᠬᠦᠴᠡᠯ ᠳᠤ ᠨᠡᠶᠢᠴᠡᠭᠰᠡᠨ ᠨᠠᠰᠤ ᠪᠠᠷᠠᠭᠰᠠᠨ | ᠬᠥᠮᠥᠨ ᠳᠤ ᠨᠡᠬᠡᠮᠵᠢᠯᠡᠨ ᠣᠯᠭᠤᠵᠤ ᠪᠣᠯᠣᠨ᠎ᠠ᠃ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠲᠤ ᠨᠡᠷ᠎ᠡ | ᠳᠤᠷᠠᠳᠬᠤ ᠵᠢᠱᠢᠭᠳᠡᠭᠴᠢ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ | ᠬᠥᠭᠵᠢᠯᠲᠡ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠯᠤᠲᠤ ᠶᠡᠭᠡ ᠬᠤᠪᠢ ᠨᠡᠮᠡᠷᠢ | ᠦᠵᠡᠭᠦᠯᠵᠦ᠂ ᠭᠠᠷᠮᠠᠭᠠᠢ ᠭᠠᠪᠢᠶ᠎ᠠ ᠪᠠᠶᠢᠭᠤᠯᠤᠭᠰᠠᠨ᠂ ᠡᠷᠬᠢᠮ ᠳᠡᠭᠡᠳᠦ ᠶᠣᠰᠣ ᠮᠣᠷᠠᠯ ᠵᠠᠩ ᠴᠢᠨᠠᠷ ᠲᠠᠢ᠂ ᠣᠯᠠᠨ ᠲᠦᠮᠡᠨ ᠳᠤ | ᠨᠡᠶᠢᠳᠡᠮ ᠮᠡᠳᠡᠷᠡᠭᠳᠡᠭᠰᠡᠨ ᠭᠠᠷᠮᠠᠭᠠᠢ ᠬᠥᠮᠥᠰ ᠪᠠᠶᠢᠬᠤ ᠬᠡᠷᠡᠭᠲᠡᠢ᠃ ︽ᠨᠥᠬᠦᠷᠯᠡᠯ ᠤᠨ ᠭᠠᠪᠢᠶᠠᠨ ᠲᠡᠮᠳᠡᠭ︾ ᠲᠤ ᠨᠡᠷ᠎ᠡ | ᠳᠤᠷᠠᠳᠬᠤ ᠵᠢᠱᠢᠭᠳᠡᠭᠴᠢ ᠨᠢ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ | ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ | ᠳᠤᠮᠳᠠ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ᠂ ᠳᠤᠮᠳᠠᠳᠤ ᠤᠯᠤᠰ ᠲᠤ ᠣᠷᠳᠣ ᠬᠤᠭᠤᠴᠠᠭ᠎ᠠ ᠪᠠᠷ ᠨᠥᠭᠦᠷᠰᠡᠭ᠂ ᠰᠠᠶᠢᠨ | ᠰᠠᠶᠢᠬᠠᠨ ᠨᠡᠷ᠎ᠡ ᠠᠯᠳᠠᠷ ᠲᠠᠢ ᠭᠠᠳᠠᠭᠠᠳᠤ ᠶᠢᠨ ᠬᠥᠮᠥᠨ ᠪᠠᠶᠢᠬᠤ ᠬᠡᠷᠡᠭᠲᠡᠢ᠃ ᠤᠯᠤᠰ ᠤᠨ ᠢᠷᠠᠭᠤ ᠠᠯᠳᠠᠷ ᠤᠨ ᠴᠣᠯᠠ ᠳᠤ | ᠨᠡᠷ᠎ᠡ ᠳᠤᠷᠠᠳᠬᠤ ᠵᠢᠱᠢᠭᠳᠡᠭᠴᠢ ᠨᠢ ᠠᠵᠤ ᠠᠬᠤᠢ᠂ ᠨᠡᠶᠢᠭᠡᠮ᠂ ᠤᠯᠤᠰ ᠤᠨ ᠪᠠᠲᠤᠯᠠᠨ ᠬᠠᠮᠠᠭᠠᠯᠠᠯᠲᠠ᠂ ᠭᠠᠳᠠᠭᠠᠳᠤ ᠬᠠᠷᠢᠯᠴᠠᠭ᠎ᠠ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ | ᠡᠯ᠎ᠡ ᠬᠦᠷᠢᠶ᠎ᠡ ᠡᠯ᠎ᠡ ᠠᠵᠢᠯ ᠲᠥᠷᠥᠯ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠴᠢᠬᠤᠯᠠ | ᠶᠡᠭᠡ ᠬᠤᠪᠢ ᠨᠡᠮᠡᠷᠢ ᠦᠵᠡᠭᠦᠯᠵᠦ᠂ ᠡᠷᠬᠢᠮ ᠳᠡᠭᠡᠳᠦ ᠨᠡᠷ᠎ᠡ ᠬᠦᠨᠳᠦ ᠲᠠᠢ᠂ ᠡᠷᠬᠢᠮ ᠳᠡᠭᠡᠳᠦ ᠶᠣᠰᠣ ᠮᠣᠷᠠᠯ ᠵᠠᠩ ᠴᠢᠨᠠᠷ ᠲᠠᠢ᠂ | ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠢ ᠬᠥᠮᠥᠰ ᠪᠠᠶᠢᠬᠤ ᠬᠡᠷᠡᠭᠲᠡᠢ᠃ | ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠲᠠᠰ ᠳᠠᠷᠠᠭᠠᠯᠠᠯ ᠪᠠ ᠠᠵᠢᠯ ᠤᠨ ᠱᠠᠭᠠᠷᠳᠠᠯᠭ᠎ᠠ ᠶᠢ | ᠲᠣᠳᠣᠷᠬᠠᠶᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠢ ᠪᠠᠶᠢᠷᠢᠯᠠᠭᠤᠯᠤᠨ | ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠨᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ | ᠬᠡᠷᠡᠭᠲᠡᠢ᠃ ᠵᠥᠪ ᠴᠢᠭᠯᠡᠯ ᠢ ᠡᠵᠡᠮᠳᠡᠵᠦ᠂ ᠨᠡᠷ᠎ᠡ ᠳᠤᠷᠠᠳᠤᠭᠳᠠᠭᠰᠠᠨ ᠬᠥᠮᠥᠰ ᠤᠨ ᠲᠡᠷᠢᠭᠦᠨ ᠤ ᠴᠢᠨᠠᠷ᠂ ᠲᠥᠯᠥᠭᠡᠯᠡᠬᠦ ᠴᠢᠨᠠᠷ | ᠪᠠ ᠴᠠᠭ ᠦᠶᠡᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠪᠠᠶᠢᠩᠭᠤ ᠶᠢᠨ | ᠢᠯᠡᠷᠡᠯ ᠢ ᠪᠦᠭᠦ ᠲᠠᠯ᠎ᠠ ᠪᠠᠷ ᠬᠢᠨᠠᠨ ᠰᠢᠯᠭᠠᠵᠤ᠂ ᠤᠯᠤᠰ ᠲᠥᠷᠥ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ | ᠰᠠᠶᠢᠲᠤᠷ ᠰᠠᠬᠢᠬᠤ ᠶᠢ ᠳᠣᠪᠤᠶᠢᠯᠭᠠᠵᠤ᠂ ᠪᠣᠳᠠᠲᠠᠢ ᠬᠤᠪᠢ ᠨᠡᠮᠡᠷᠢ ᠪᠠᠷ ᠴᠢᠬᠤᠯᠠ ᠦᠨᠡᠯᠡᠬᠦ ᠪᠠᠷᠢᠮᠵᠢᠶ᠎ᠠ ᠪᠤᠯᠭᠠᠵᠤ᠂ ᠢᠯᠡ | ᠲᠣᠳᠣ ᠡᠷᠬᠡ ᠲᠡᠭᠰᠢ ᠲᠥᠪ ᠭᠤᠤᠯᠴᠢ ᠪᠠᠶᠢᠬᠤ ᠶᠢ ᠪᠠᠷᠢᠮᠲᠠᠯᠠᠵᠤ᠂ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ | ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠴᠤ᠂ ᠰᠠᠶᠢᠨ ᠤ ᠳᠤᠮᠳᠠ ᠠᠴᠠ | ᠰᠢᠯᠢᠳᠡᠭ ᠢ ᠨᠢ ᠰᠣᠩᠭᠤᠬᠤ ᠬᠡᠷᠡᠭᠲᠡᠢ᠃ |