ᠴᠢᠩᠱᠠᠨ ᠲᠣᠭᠤᠷᠢᠭ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/15
      3 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠮᠠ ᠴᠢᠤᠸᠠᠨ ᠸᠠᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠ ᠰᠢᠶᠤᠤ ᠯᠢᠶᠠᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠢᠩ ᠳ᠋ᠢ ᠬᠤᠷᠠᠯ ᠳᠤ ᠣᠷᠣᠯᠴᠠᠪᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠬᠤᠷᠠᠯ ᠢ ᠡᠷᠭᠢᠯᠡᠪᠡ᠃ ᠬᠤᠷᠠᠯ ᠠᠴᠠ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠮᠡᠳᠡᠭᠳᠡᠵᠦ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠣᠯᠤᠭᠰᠠᠨ ᠠᠮᠵᠢᠯᠲᠠ ᠪᠦᠲᠦᠮᠵᠢ  ᠪᠠ ᠣᠷᠣᠰᠢᠵᠤ ᠪᠠᠶᠢᠭ᠎ᠠ ᠠᠰᠠᠭᠤᠳᠠᠯ ᠢ ᠳ᠋ᠦᠩᠨᠡᠵᠦ᠂ 2024 ᠣᠨ ᠤ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠵᠠᠰᠠᠭ ᠤᠨ ᠣᠷᠳᠣᠨ ᠤ ᠠᠵᠢᠯ ᠳᠤ ᠰᠠᠨᠠᠭᠤᠯᠭ᠎ᠠ ᠪᠠ ᠳᠤᠷᠠᠳᠤᠯᠭ᠎ᠠ ᠭᠠᠷᠭᠠᠬᠤ ᠪᠣᠯ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠴᠢᠬᠤᠯᠠ ᠤᠯᠤᠰ ᠲᠦᠷᠦ ᠶᠢᠨ ᠡᠷᠬᠡ ᠮᠥᠨ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠨᠦᠭᠦᠳ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠰᠠᠨᠠᠭᠤᠯᠭ᠎ᠠ ᠰᠠᠨᠠᠯ ᠳᠤᠷᠠᠳᠤᠯᠭ᠎ᠠ ᠨᠢᠭᠡᠪᠦᠷᠢ ᠶᠢ ᠨᠠᠷᠢᠨ ᠬᠢᠨᠠᠮᠠᠭᠠᠶ ᠵᠠᠳᠠᠯᠵᠤ᠂ ᠰᠢᠢᠳᠪᠦᠷᠢᠯᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠥᠷᠭᠡᠨ ᠣᠯᠠᠨ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠦ ᠵᠢᠭᠠᠨ ᠭᠠᠷᠭᠠᠭᠰᠠᠨ ᠪᠠᠶᠢᠨ᠎ᠠ᠃      ᠬᠤᠷᠠᠯ ᠠᠴᠠ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ︽ᠲᠠᠶᠢᠯᠪᠦᠷᠢᠯᠠᠬᠤ ᠰᠡᠳᠬᠢᠬᠦᠶ︾ ᠶᠢ ᠪᠠᠲᠤ ᠪᠠᠬᠢ ᠪᠣᠶ ᠪᠣᠯᠭᠠᠵᠤ᠂ ᠲᠥᠯᠥᠭᠡᠯᠡᠭᠴᠢ ᠭᠡᠰᠢᠭᠦᠳ ᠲᠠᠢ ︽ᠭᠤᠷᠪᠠ ᠤᠳᠠᠭ᠎ᠠ ᠠᠭᠤᠯᠵᠠᠬᠤ︾ ᠲᠦᠷᠢᠮ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠬᠡᠯᠪᠡᠷᠢ᠂ ᠣᠯᠠᠨ ᠳᠠᠪᠬᠤᠷᠭ᠎ᠠ᠂ ᠣᠯᠠᠨ ᠠᠷᠭ᠎ᠠ ᠵᠠᠮ ᠢᠶᠠᠷ ᠨᠢᠭᠤᠷᠳᠠᠨ ᠨᠡᠪᠲᠡᠷᠡᠯᠴᠡᠬᠦ ᠶᠢ ᠥᠷᠨᠢᠭᠦᠯᠵᠦ᠂ ᠲᠥᠯᠥᠭᠡᠯᠡᠭᠴᠢ ᠭᠡᠰᠢᠭᠦᠳ ᠤᠨ ᠰᠡᠳᠬᠢᠯ ᠤᠨ ᠦᠭᠡ ᠶᠢ ᠰᠣᠨᠣᠰᠴᠤ᠂ ᠡᠭᠦᠳᠡ ᠪᠠᠨ ᠨᠡᠭᠡᠭᠡᠵᠦ ᠬᠡᠷᠡᠭ ᠰᠢᠢᠳᠪᠦᠷᠢᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠳᠠᠭᠠᠭᠤᠯᠤᠨ ᠱᠠᠯᠠᠪᠳᠠᠭᠤᠯᠤᠨ ᠭᠦᠢᠴᠡᠳᠬᠡᠵᠦ᠂ ᠰᠠᠯᠠᠭ᠎ᠠ ᠮᠥᠴᠢᠷ ᠤᠨ ᠨᠢᠭᠡᠳᠦᠭᠡᠷ ᠭᠠᠷ ︽ᠪᠡᠶ᠎ᠡ ᠪᠠᠷ ᠢᠶᠠᠨ ᠬᠢᠬᠦ︾ ᠪᠦᠬᠦ ᠶᠠᠪᠤᠴᠠ ᠶᠢ ᠠᠩᠬᠠᠷᠤᠨ ᠰᠢᠢᠳᠪᠦᠷᠢᠯᠡᠵᠦ᠂ ᠭᠦᠢᠴᠡᠳᠬᠡᠬᠦ ᠠᠵᠢᠯ ᠤᠨ ᠬᠠᠷᠢᠭᠤᠯᠲᠠ ᠥᠭᠬᠦ ᠨᠤᠷᠮ᠎ᠠ᠂ ᠨᠠᠶᠢᠳᠠᠪᠤᠷᠢᠵᠢᠭᠤᠯᠬᠤ ᠨᠤᠷᠮ᠎ᠠ ᠪᠠ ᠬᠠᠨᠤᠮᠵᠢᠲᠠᠢ ᠨᠤᠷᠮ᠎ᠠ ᠴᠥᠮ 100% ᠳᠤ ᠬᠦᠷᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号