ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠳᠠᠬᠢᠨ ᠬᠢᠨᠠᠬᠤ ᠠᠵᠢᠯ ᠢ ᠴᠢᠩᠭ᠎ᠠ ᠠᠳᠬᠤᠵᠤ      ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠱᠤᠭᠤᠮ ᠢ ᠪᠠᠳᠤᠳᠬᠠᠨ᠎ᠠ
ᠨᠡᠶᠢᠲᠡᠯᠡᠭᠰᠡᠨ ᠴᠠᠭ᠄
2024/3/18
      ᠪᠧᠢ ᠵᠢᠶᠠ ᠨᠡᠶᠢᠭᠡᠮ ᠲᠣᠭᠤᠷᠢᠭ᠂ ᠲᠣᠭᠤᠷᠢᠭ ᠤᠨ ᠬᠠᠷᠢᠶ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠬᠥᠳᠡᠯᠦᠩᠭᠦᠢ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠠᠶᠢᠳᠠᠯ ᠢ ᠨᠠᠷᠢᠨ ᠤᠨᠤᠪᠴᠢᠲᠠᠢ ᠡᠵᠡᠮᠰᠢᠬᠦ ᠶᠢᠨ ᠲᠦᠯᠦᠭᠡ᠂ ᠣᠶᠢᠷ᠎ᠠ ᠳᠤ᠂ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠪᠧᠢ ᠵᠢᠶᠠ ᠨᠡᠶᠢᠭᠡᠮ ᠲᠣᠭᠤᠷᠢᠭ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢ ᠳᠠᠬᠢᠨ ᠪᠠᠶᠢᠴᠠᠭᠠᠵᠤ ᠬᠢᠨᠠᠨ ᠬᠠᠷᠭᠤᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠪᠠᠶᠢᠨ᠎ᠠ᠃       ᠨᠡᠶᠢᠭᠡᠮ ᠲᠣᠭᠤᠷᠢᠭ ᠨᠢ ︽ᠡᠷᠬᠡ ᠲᠡᠭᠰᠢ᠂ ᠢᠯᠡ᠂ ᠲᠥᠪ ᠭᠤᠥᠯᠴᠢ︾ ᠪᠠᠶᠢᠬᠤ ᠵᠠᠷᠴᠢᠮ ᠢ ᠪᠠᠷᠢᠮᠲᠠᠯᠠᠨ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠵᠢᠯ ᠢ ᠨᠠᠷᠢᠨ ᠭᠦᠨᠵᠡᠭᠡᠢ ᠥᠷᠨᠢᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠠᠵᠢᠯᠲᠠᠨ ᠤ ᠪᠠᠶᠢᠳᠠᠯ ᠪᠠ ᠭᠡᠷ ᠪᠦᠯᠢ ᠶᠢᠨ ᠦᠨᠳᠦᠰᠦᠨ ᠪᠠᠶᠢᠳᠠᠯ ᠢ ᠬᠢᠨᠠᠮᠠᠭᠠᠢ ᠬᠢᠨᠠᠨ ᠪᠠᠶᠢᠴᠠᠭᠠᠵᠤ᠂ 4 ᠡᠷᠦᠬᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠣᠷᠣᠯᠭ᠎ᠠ ᠨᠢ ᠬᠤᠪᠢᠷᠠᠭᠰᠠᠨ ᠡᠰᠡᠬᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠤᠨᠴᠠᠭᠠᠢ ᠬᠦᠴᠢᠷᠳᠡᠯ ᠲᠠᠢ ᠪᠠᠶᠢᠬᠤ ᠡᠰᠡᠬᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ ᠶᠢ ᠡᠷᠦᠬᠡ ᠳᠠᠷᠠᠭᠠᠯᠠᠨ ᠬᠠᠷᠭᠤᠭᠤᠯᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠪᠤᠴᠠᠭᠠᠬᠤ ᠶᠣᠰᠣᠲᠠᠢ ᠶᠢ ᠨᠢ ᠪᠦᠬᠦᠨ ᠢ ᠪᠤᠴᠠᠭᠠᠬᠤ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃       ᠭᠤᠶᠤᠴᠢᠯᠠᠯ ᠢ ᠭᠥᠯᠢᠶᠡᠨ ᠠᠪᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ᠂ ᠬᠢᠨᠠᠨ ᠬᠠᠷᠭᠤᠭᠤᠯᠵᠤ ᠢᠯᠡ ᠨᠡᠶᠢᠲᠡᠯᠡᠬᠦ ᠲᠠᠰ ᠳᠠᠷᠠᠭᠠᠯᠠᠯ ᠤᠨ ᠶᠣᠰᠣᠭᠠᠷ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠬᠤ ᠠᠵᠢᠯ ᠢ ᠥᠷᠨᠢᠭᠦᠯᠵᠦ᠂ ᠡᠯ᠎ᠡ ᠨᠡᠶᠢᠭᠡᠮ ᠲᠣᠭᠤᠷᠢᠭ ᠤᠨ ᠡᠷᠦᠬᠡ ᠳᠤ ᠬᠦᠷᠴᠦ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ᠂ ᠵᠡᠭᠡᠯᠢ ᠭᠤᠳᠤᠮᠵᠢ ᠪᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨᠠᠨ ᠬᠠᠷᠭᠤᠭᠤᠯᠬᠤ ᠳᠤᠭᠤᠶᠢᠯᠠᠩ ᠎ ᠠᠴᠠ ᠳᠠᠬᠢᠨ ᠬᠢᠨᠠᠵᠤ᠂ ᠲᠠᠰ ᠳᠠᠷᠠᠭᠠᠯᠠᠯ ᠨᠢᠭᠡᠪᠦᠷᠢ ᠶᠢ ᠴᠥᠮ ᠴᠢᠩᠭ᠎ᠠ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠨ᠎ᠠ᠃       ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠤᠨ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠣᠲᠣ ᠶᠢᠨ ᠡᠳ᠋ᠯᠡᠵᠦ ᠪᠠᠶᠢᠭ᠎ᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠬᠥᠮᠥᠰ ᠤᠨ ᠲᠠᠩᠰᠠ ᠡᠪᠬᠡᠮᠡᠯ ᠢ ᠲᠥᠷᠥᠯᠵᠢᠭᠦᠯᠵᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠤᠨ ᠭᠡᠷ ᠪᠦᠯᠢ ᠶᠢᠨ ᠣᠷᠣᠯᠭ᠎ᠠ ᠵᠢᠴᠢ ᠪᠦᠷᠢᠯᠳᠦᠭᠦᠨ ᠤ ᠬᠤᠪᠢᠷᠠᠯᠲᠠ ᠵᠡᠷᠭᠡ ᠪᠠᠶᠢᠳᠠᠯ ᠢ ᠴᠠᠭ ᠲᠤᠬᠠᠢ ᠎ ᠳᠤᠨᠢ ᠡᠵᠡᠮᠰᠢᠨ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠷᠦᠬᠡ ᠶᠢᠨ ᠨᠠᠰᠦ ᠪᠠᠷᠠᠭᠰᠠᠨ ᠬᠥᠮᠥᠨ ᠤ ᠲᠤᠭ᠎ᠠ ᠶᠢ ᠢᠯᠭᠠᠷᠠᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠡᠷᠦᠬᠡ ᠶᠢ ᠢᠯᠭᠠᠷᠠᠭᠤᠯᠵᠤ᠂ ᠨᠢᠭᠡ ᠡᠷᠦᠬᠡ ᠳᠤ ᠨᠢᠭᠡ ᠲᠠᠩᠰᠠ ᠡᠪᠬᠡᠮᠡᠯ ᠬᠢᠵᠦ᠂ ᠮᠠᠲ᠋ᠧᠷᠢᠶᠠᠯ ᠤᠨ ᠵᠢᠷᠤᠮᠵᠢᠯ ᠲᠠᠢ᠂ ᠪᠥᠬᠦ ᠲᠠᠯ᠎ᠠ ᠶᠢᠨ᠂ ᠵᠦᠪ ᠤᠨᠤᠪᠴᠢᠲᠠᠢ ᠪᠠᠶᠢᠬᠤ ᠶᠢ ᠪᠠᠲᠤᠯᠠᠨ᠎ᠠ᠃      ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠢ ᠵᠠᠭᠠᠭᠯᠠᠨ ᠲᠣᠭᠲᠠᠭᠠᠬᠤ ᠪᠣᠭᠤᠮᠲᠠ᠂ ᠨᠡᠶᠢᠭᠡᠮ ᠲᠣᠭᠤᠷᠢᠭ ᠤᠨ ᠺᠠᠳ᠋ᠷ ᠢ ᠦᠨᠡᠯᠡᠨ ᠶᠠᠷᠢᠯᠴᠠᠬᠤ ᠪᠣᠭᠤᠮᠲᠠ᠂ ᠭᠤᠶᠤᠴᠢᠯᠠᠯ ᠤᠨ ᠮᠠᠲ᠋ᠧᠷᠢᠶᠠᠯ ᠢ ᠠᠩᠬ᠎ᠠ ᠬᠢᠨᠠᠬᠤ ᠪᠣᠭᠤᠮᠲᠠ᠂ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ ᠪᠣᠭᠤᠮᠲᠠ᠂ ᠢᠯᠡ ᠨᠡᠶᠢᠲᠡᠯᠡᠵᠦ ᠬᠢᠨᠠᠯᠲᠠ ᠲᠠᠯᠪᠢᠬᠤ ᠪᠣᠭᠤᠮᠲᠠ ᠵᠡᠷᠭᠡ ᠡᠯ᠎ᠡ ᠪᠣᠭᠤᠮᠲᠠ ᠶᠢ ᠴᠢᠩᠭ᠎ᠠ ᠠᠳᠬᠤᠵᠤ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠨᠡᠶᠢᠲᠡᠯᠡᠬᠦ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠵᠠᠩᠭᠢᠯᠠᠭ᠎ᠠ ᠶᠢᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠬᠠᠷᠢᠴᠠᠭ᠎ᠠ ᠶᠢ ᠪᠠᠲᠤᠯᠠᠬᠤ᠂ ᠨᠠᠶᠢᠷ ᠲᠠᠯ᠎ᠠ ᠶᠢ ᠪᠠᠲᠤᠯᠠᠬᠤ ᠶᠠᠪᠤᠳᠠᠯ ᠭᠠᠷᠬᠤ ᠶᠢ ᠡᠷᠡᠰ ᠵᠤᠭᠰᠤᠭᠠᠨ᠎ᠠ᠃       ᠲᠣᠰ ᠤᠳᠠᠭᠠᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠠᠬᠢᠨ ᠬᠢᠨᠠᠯᠲᠠ ᠳᠤ ᠨᠡᠶᠢᠲᠡ 4 ᠡᠷᠦᠬᠡ ᠭᠡᠷ ᠪᠦᠯᠢ ᠶᠢ ᠳᠠᠬᠢᠨ ᠬᠢᠨᠠᠭᠰᠠᠨ ᠪᠠᠶᠢᠨ᠎ᠠ᠃ ᠠᠮᠢᠳᠤᠷᠠᠯ ᠤᠨ ᠨᠠᠭᠠᠲᠤ ᠵᠠᠬ᠎ᠠ ᠎ ᠶᠢᠨ ᠪᠠᠲᠤᠯᠠᠭ᠎ᠠ ᠎ ᠶᠢᠨ ᠠᠵᠢᠯ ᠎ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠳᠠᠬᠢᠨ ᠬᠢᠨᠠᠬᠤ ᠠᠵᠢᠯ ᠎ ᠢ ᠨᠠᠷᠢᠨ ᠬᠢᠨᠠᠮᠠᠭᠠᠢ ᠰᠠᠶᠢᠲᠤᠷ ᠬᠢᠪᠡᠯ ᠰᠠᠶ᠋ᠢ ᠬᠦᠴᠢᠷᠳᠡᠯ ᠲᠠᠢ ᠣᠯᠠᠨ ᠲᠦᠮᠡᠨ ᠳᠤ ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠎ ᠶᠢᠨ ᠪᠣᠳᠣᠯᠭ᠎ᠠ ᠎ ᠶᠢ ᠴᠠᠭ ᠲᠤᠬᠠᠢ ᠳᠤᠨᠢ ᠡᠳ᠋ᠯᠡᠭᠦᠯᠵᠦ᠂ ᠬᠦᠴᠢᠷᠳᠡᠯ ᠲᠠᠢ ᠣᠯᠠᠨ ᠲᠦᠮᠡᠨ ᠤ ᠬᠦᠷᠲᠡᠮᠵᠢ ᠎ ᠶᠢᠨ ᠰᠡᠳᠬᠢᠭᠳᠡᠯ ᠪᠠ ᠵᠣᠯ ᠵᠢᠷᠭᠠᠯ ᠤᠨ ᠰᠡᠳᠬᠢᠭᠳᠡᠯ ᠎ ᠢ ᠳᠡᠭᠡᠭᠰᠢᠯᠡᠭᠦᠯᠵᠦ ᠴᠢᠳᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号