ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
      3 ᠰᠠᠷ᠎ᠠ ᠶᠢᠨ 14 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠵᠡᠷᠭᠡ ᠬᠤᠯᠪᠣᠭᠳᠠᠯ ᠪᠦᠬᠦᠢ ᠵᠦᠢᠯᠡᠰ ᠢ ᠰᠤᠳᠤᠯᠵᠠᠢ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ  ᠢ ᠡᠷᠭᠢᠯᠡᠪᠡ᠃       ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠦᠬᠦ ᠲᠠᠯ᠎ᠠ ᠪᠠᠷ ᠬᠡᠷᠡᠭᠵᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠳ᠋ᠤ᠋‌‍ᠬᠢᠭᠰᠡᠨ ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠲᠤᠬᠠᠢ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠲᠥᠪᠯᠡᠷᠡᠭᠦᠯᠵᠦ ᠦᠨᠡᠨᠴᠢ ᠢᠲᠡᠭᠡᠮᠵᠢ ᠶᠢ ᠠᠳᠬᠤᠬᠤ᠂ ᠳᠤᠲᠠᠭᠤᠳᠠᠯ ᠢ ᠨᠥᠬᠦᠪᠦᠷᠢᠯᠡᠬᠦ᠂ ᠰᠠᠭᠤᠷᠢ ᠶᠢ ᠴᠢᠩᠭᠠᠳᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠲᠠᠨᠤᠰ ᠤᠨ ᠬᠠᠨᠤᠮᠵᠢᠲᠠᠢ ᠪᠠᠶᠢᠬᠤ᠂ ᠰᠠᠨᠠᠭ᠎ᠠ ᠠᠮᠤᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ᠂ ᠭᠠᠵᠠᠷ ᠣᠷᠣᠨ ᠤ ᠡᠯ᠎ᠡ ᠵᠦᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠭᠤᠣᠯ ᠤᠳᠤᠷᠢᠳᠤᠯᠭ᠎ᠠ  ᠨᠢ ᠤᠷᠢᠳᠠᠪᠠᠷ ᠵᠢᠯᠤᠭᠤᠳᠴᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠬᠥᠮᠥᠨ ᠪᠦᠬᠦᠨ᠂ ᠶᠠᠪᠤᠳᠠᠯ ᠪᠦᠬᠦᠨ᠂ ᠴᠠᠭ ᠢᠮᠠᠭᠲᠠ᠂ ᠭᠠᠵᠠᠷ ᠪᠣᠯᠭᠠᠨ ᠳᠤ ᠦᠨᠡᠨᠴᠢ ᠢᠲᠡᠭᠡᠮᠵᠢᠲᠡᠢ ᠪᠠᠶᠢᠬᠤ ᠶᠢ ᠠᠬᠢᠭᠤᠯᠬᠤ ᠳᠤ ᠠᠰᠢᠭᠲᠠᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠥᠬᠦ ᠲᠠᠯ᠎ᠠ ᠪᠠᠷ ᠪᠦᠬᠦᠨ ᠢ ᠬᠠᠮᠤᠷᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠴᠢᠩᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠬᠥᠮᠥᠨ ᠪᠦᠬᠦᠨ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠦᠨᠡᠨᠬᠦ ᠪᠤᠢ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号