ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠳᠥᠷᠪᠡᠨ ᠠᠷᠭ᠎ᠠ ᠬᠡᠮᠵᠢᠶ᠎ᠡ︾᠎ ᠶᠢ ᠵᠡᠷᠭᠡᠪᠡᠷ ᠬᠡᠷᠡᠭᠵᠢᠭᠦᠯᠵᠦ ᠠᠵᠢᠯ ᠠᠴᠠ ᠪᠠᠨ ᠠᠮᠠᠷᠠᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠦᠷ ᠬᠢᠪᠡ
ᠨᠡᠶᠢᠲᠡᠯᠡᠭᠰᠡᠨ ᠴᠠᠭ᠄
2024/3/19
      ᠣᠶᠢᠷ᠎ᠠ ᠳᠤ᠂ ᠴᠢᠩᠱᠠᠨ ᠲᠣᠭᠤᠷᠢᠭ ᠤᠨ ᠠᠵᠢᠯ ᠎ ᠠᠴᠠ ᠪᠠᠨ ᠠᠮᠠᠷᠠᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ 2024 ᠣᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠠᠵᠢᠯ ᠎ ᠠᠴᠠ ᠪᠠᠨ ᠠᠮᠠᠷᠠᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠪᠥᠬᠦ ᠵᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠲᠥᠯᠥᠪᠯᠡᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ᠂ ᠠᠷᠠᠳ ᠣᠯᠠᠨ ᠳᠤ ᠪᠥᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠨ᠎ᠡ᠃       ᠨᠢᠭᠡ ᠳᠤ᠂ ᠬᠢᠷᠢ ᠬᠡᠮ ᠤᠨ ᠭᠡᠷᠡᠴᠢᠯᠡᠯ ᠤᠨ ᠠᠵᠢᠯ ᠢ ᠪᠣᠳᠠᠲᠠᠶᠢᠵᠢᠭᠤᠯᠤᠨ ᠨᠠᠷᠢᠯᠢᠭ ᠰᠠᠶᠢᠲᠤᠷ ᠠᠳᠬᠤᠨ᠎ᠠ᠃ ︽ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ︾ ᠵᠢᠴᠢ ︽ᠠᠯᠠᠭᠠᠨ ᠳᠡᠭᠡᠷᠡᠬᠢ 12333︾ APP᠎ ᠶᠢ ᠰᠦᠯᠵᠢᠶᠡᠨ ᠳᠡᠭᠡᠷ᠎ᠡ ᠭᠡᠷᠡᠴᠢᠯᠡᠬᠦ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠭᠥᠷᠳᠡᠬᠦ ᠬᠥᠮᠥᠰ ᠤᠨ ︽ᠭᠡᠷ ᠠᠴᠠ ᠪᠠᠨ ᠭᠠᠷᠬᠤ ᠦᠭᠡᠢ᠂ ᠠᠮᠠᠷᠬᠠᠨ ᠭᠡᠷᠡᠴᠢᠯᠡᠬᠦ ᠶᠢ ᠪᠡᠶᠡᠯᠡᠭᠦᠯᠦᠨ᠎ᠡ︾᠃ ᠰᠦᠯᠵᠢᠶᠡᠨ ᠳᠡᠭᠡᠷ᠎ᠡ ᠭᠡᠷᠡᠴᠢᠯᠡᠭᠡ ᠬᠢᠬᠦ ᠠᠷᠭ᠎ᠠ ᠦᠭᠡᠢ ᠰᠠᠭᠤᠭᠠᠯᠢ ᠠᠷᠠᠳ ᠲᠤ ︽ᠠᠮᠠᠯᠠᠯᠲᠠ ᠶᠢᠨ ᠪᠢᠴᠢᠭ︾᠎ ᠢ ᠲᠠᠭᠯᠠᠬᠤ ᠪᠠᠷ ᠳᠠᠮᠵᠢᠭᠤᠯᠤᠨ᠂ ᠬᠥᠮᠥᠨ ᠤ ᠬᠦᠴᠦ ᠪᠠᠷ ᠬᠢᠨᠠᠨ ᠬᠠᠷᠭᠤᠭᠤᠯᠵᠤ ᠭᠡᠷᠡᠴᠢᠯᠡᠭᠡ ᠬᠢᠵᠦ ᠪᠣᠯᠣᠨ᠎ᠠ᠃ ᠢᠯᠠᠩᠭᠤᠶ᠎ᠠ ᠬᠥᠳᠡᠯᠵᠦ ᠪᠠᠷᠢᠬᠤ ᠳᠤ ᠳᠥᠭᠦᠮ ᠦᠭᠡᠢ ᠬᠥᠮᠥᠰ ᠲᠤ ᠭᠡᠷ ᠲᠤᠨᠢ ᠬᠦᠷᠴᠦ ᠡᠷᠦᠬᠡ ᠳᠤ ᠣᠷᠣᠵᠤ ᠭᠡᠷᠡᠴᠢᠯᠡᠨ ᠮᠠᠭᠠᠳᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠣᠮᠣ ᠳ᠋ᠠᠶᠢᠲ᠋ᠠ ᠶᠢᠨ ᠬᠠᠷᠢᠴᠠᠭᠤᠯᠤᠯ ᠲᠠᠢ ᠤᠶᠠᠯᠳᠤᠭᠤᠯᠤᠨ᠂ ︽ᠳᠤᠭᠤᠢ︾ ᠭᠡᠷᠡᠴᠢᠯᠡᠨ ᠮᠠᠭᠠᠳᠯᠠᠬᠤ ᠠᠷᠭ᠎ᠠ ᠶᠢ ᠠᠪᠴᠤ᠂ ᠭᠡᠷᠡᠴᠢᠯᠡᠨ ᠮᠠᠭᠠᠳᠯᠠᠬᠤ ᠶᠢ ᠬᠡᠯᠪᠡᠷᠢ ᠦᠭᠡᠢ ᠪᠠᠶᠢᠳᠠᠯ ᠳᠤ ᠠᠬᠤᠭᠤᠯᠵᠤ᠂ ᠨᠠᠰᠤᠲᠠᠶᠢᠴᠤᠳ ᠢ ᠬᠠᠷᠰᠢᠯᠠᠬᠤ ᠶᠢ ᠠᠯᠢ ᠴᠢᠳᠠᠬᠤ ᠪᠠᠷ ᠪᠠᠭᠠᠰᠬᠠᠨ᠎ᠠ᠃ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠎ ᠠᠴᠠ ᠪᠠᠨ ᠠᠮᠠᠷᠠᠭᠰᠠᠳ ᠤᠨ ᠣᠯᠭᠤᠮᠵᠢ ᠶᠢ ᠴᠠᠭ ᠲᠤᠬᠠᠢ ᠎ ᠳᠤᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠥᠬᠦ ᠬᠦᠴᠦᠨ ᠢᠶᠠᠷ ᠢᠶᠠᠨ  ᠳᠡᠭᠡᠭᠰᠢᠯᠡᠭᠦᠯᠦᠨ᠎ᠡ᠃       ᠬᠤᠶᠠᠷ ᠲᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠠᠶᠤᠯᠭᠦᠢ ᠶᠢᠨ ᠠᠵᠢᠯ ᠢ ᠨᠢᠭᠲᠠ ᠠᠴᠠ ᠨᠢᠭᠲᠠ ᠰᠠᠶᠢᠲᠤᠷ ᠠᠳᠬᠤᠨ᠎ᠠ᠃ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠭᠤᠯᠭᠠᠭᠰᠠᠨ ︽2024 ᠣᠨ ᠤ ᠪᠥᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠥᠮᠥᠰ ᠤᠨ ᠬᠢᠷᠢ ᠬᠡᠮ ᠤᠨ ᠭᠡᠷᠡᠴᠢᠯᠡᠯ ᠢ ᠥᠷᠨᠢᠭᠦᠯᠬᠦ ᠲᠤᠬᠠᠢ ᠠᠯᠪᠠᠨ ᠵᠠᠷ︾᠎ ᠤᠨ ᠵᠣᠷᠢᠭ ᠰᠠᠨᠠᠭ᠎ᠠ ᠶᠣᠰᠣᠭᠠᠷ᠂ ᠳᠠᠷᠠᠭᠠᠯᠠᠨ ᠬᠤᠶᠢᠰᠢᠯᠠᠭᠤᠯᠬᠤ ᠬᠡᠯᠪᠡᠷᠢ ᠶᠢᠨ ᠭᠡᠷᠡᠴᠢᠯᠡᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠷ᠎ᠠ ᠪᠦᠷᠢ ᠭᠡᠷᠡᠴᠢᠯᠡᠯ ᠤᠨ ᠲᠤᠭ᠎ᠠ ᠪᠠᠷᠢᠮᠲᠠ ᠶᠢᠨ ᠬᠠᠷᠢᠴᠠᠭᠤᠯᠤᠯ ᠬᠢᠵᠦ᠂ ᠨᠡᠶᠢᠭᠡᠮ ᠤᠨ ᠳᠠᠭᠠᠳᠬᠠᠯ ᠤᠨ ᠲᠥᠪ ᠲᠠᠢ ᠬᠠᠮᠵᠢᠯᠴᠠᠨ ᠬᠤᠭᠤᠴᠠᠭ᠎ᠠ ᠬᠡᠲᠦᠷᠡᠲᠡᠯ᠎ᠡ ᠭᠡᠷᠡᠴᠢᠯᠡᠭᠦᠯᠦᠭᠰᠡᠨ ᠦᠭᠡᠢ ᠬᠥᠮᠥᠰ ᠤᠨ ᠣᠯᠭᠤᠮᠵᠢ ᠶᠢ ᠵᠣᠭᠰᠤᠭᠠᠬᠤ ᠠᠵᠢᠯ ᠢ ᠰᠠᠶᠢᠲᠤᠷ ᠬᠢᠨ᠎ᠡ᠃ ᠡᠭᠦᠨ ᠤ ᠵᠡᠷᠭᠡ ᠳᠤ᠂ ᠱᠠᠭᠠᠷᠳᠠᠯᠭ᠎ᠠ ᠶᠣᠰᠣᠭᠠᠷ ᠬᠢᠷᠢ ᠬᠡᠮ ᠤᠨ ᠭᠡᠷᠡᠴᠢᠯᠡᠯ ᠬᠢᠯᠭᠡᠭᠰᠡᠨ ᠠᠵᠢᠯ ᠎ ᠠᠴᠠ ᠪᠠᠨ ᠪᠠᠭᠤᠵᠤ ᠠᠮᠠᠷᠠᠭᠰᠠᠳ ᠤᠨ ᠬᠠᠷᠠᠭᠠᠯᠵᠠᠯ ᠎ ᠢ ᠰᠡᠷᠭᠦᠭᠡᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠨ᠎ᠡ᠃ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠤ ᠲᠣᠣᠷ ᠢ ᠪᠠᠲᠤ ᠪᠠᠬᠢ ᠪᠠᠶᠢᠭᠤᠯᠵᠤ᠂ ᠠᠷᠠᠳ ᠣᠯᠠᠨ ᠤ ︽ᠵᠣᠭᠤᠰᠤᠨ ᠤᠭᠤᠲᠠ︾᠎ ᠶᠢ ᠰᠠᠶᠢᠲᠤᠷ ᠬᠠᠮᠠᠭᠠᠯᠠᠨ᠎ᠠ᠃       ᠭᠤᠷᠪᠠ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠨᠡᠶᠢᠭᠡᠮᠴᠢᠯᠡᠭᠰᠡᠨ ᠬᠠᠮᠢᠶᠠᠷᠤᠯᠲᠠ ᠦᠢᠯᠡᠴᠢᠯᠡᠭᠡ ᠶᠢ ᠰᠠᠶᠢᠲᠤᠷ ᠠᠳᠬᠤᠨ᠎ᠠ᠃ ᠠᠵᠢᠯ ᠠᠴᠠ ᠪᠠᠨ  ᠠᠮᠠᠷᠠᠭᠰᠠᠳ ᠤᠨ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠬᠢᠷᠢ ᠬᠡᠮ ᠢ ᠭᠡᠷᠡᠴᠢᠯᠡᠬᠦ ᠴᠤᠪᠤᠷᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠦᠢᠯᠡᠴᠢᠯᠡᠭᠡᠨ ᠤ ᠠᠷᠭ᠎ᠠ ᠮᠠᠶ᠋ᠢᠭ ᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠠᠴᠠ ᠪᠠᠨ ᠠᠮᠠᠷᠠᠭᠰᠠᠳ ᠲᠤ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠪᠠ ᠬᠢᠷᠢ ᠬᠡᠮ ᠢ ᠭᠡᠷᠡᠴᠢᠯᠡᠬᠦ ᠴᠢᠨᠠᠷ ᠰᠠᠶᠢᠲᠠᠢ᠂ ᠥᠨᠳᠥᠷ ᠪᠦᠲᠦᠮᠵᠢᠲᠡᠶ᠂ ᠲᠥᠬᠦᠮ ᠦᠢᠯᠡᠴᠢᠯᠡᠭᠡ ᠶᠢ ᠴᠢᠷᠮᠠᠶᠢᠨ ᠬᠠᠩᠭᠠᠨ᠎ᠠ᠃ ᠴᠤᠩᠬᠤᠪᠴᠢ ᠶᠢᠨ ︽ᠲᠡᠷᠢᠭᠦᠨ ᠤ ᠠᠰᠠᠭᠤᠭᠴᠢ ᠬᠠᠷᠢᠭᠤᠴᠠᠬᠤ ᠳᠦᠷᠢᠮ︾᠎ ᠢ ᠴᠢᠩᠭ᠎ᠠ ᠬᠡᠷᠡᠭᠵᠢᠭᠦᠯᠵᠦ᠂ ᠨᠢᠭᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠨᠢᠭᠡ ᠤᠳᠠᠭ᠎ᠠ ᠳᠤ ᠮᠡᠳᠡᠭᠳᠡᠬᠦ᠂ ᠣᠯᠠᠨ ᠲᠦᠮᠡᠨ ᠢ ᠬᠤᠭᠤᠰᠦᠨ ᠵᠠᠮ ᠬᠦᠷᠭᠡᠯᠭᠡᠬᠦ ᠦᠭᠡᠢ᠂ ᠰᠠᠨᠠᠭᠠᠴᠢᠯᠠᠭ᠎ᠠ ᠲᠠᠢ ᠪᠠᠷ ᠬᠠᠯᠠᠭᠤᠮᠰᠤᠭ᠂ ᠪᠣᠯᠪᠠᠰᠤᠨ ᠶᠣᠰᠣᠷᠬᠠᠭ ᠢᠶᠠᠷ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠦᠢᠯᠡᠴᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠴᠤᠩᠬᠤᠪᠴᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠴᠤᠩᠬᠤᠪᠴᠢ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠤᠯᠭᠠᠨ᠎ᠠ᠃       ᠳᠥᠷᠪᠡ ᠳᠤ ᠠᠵᠢᠯᠲᠠᠨ ᠤ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠠᠳᠬᠤᠨ᠎ᠠ᠃ ︽ᠵᠢᠷᠭᠤᠭ᠎ᠠ ᠶᠢ ᠡᠷᠬᠢᠮᠯᠡᠵᠦ ᠵᠢᠷᠭᠤᠭ᠎ᠠ ᠶᠢ ᠪᠠᠳᠠᠷᠠᠭᠤᠯᠬᠤ︾᠎ ᠶᠢ ᠪᠡᠶᠡᠯᠡᠭᠦᠯᠵᠦ᠂ ᠡᠯ᠎ᠡ ᠲᠦᠷᠦᠯ ᠤᠨ ᠠᠵᠢᠯ ᠢ ᠲᠡᠷᠡ ᠬᠡᠪ ᠢᠶᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠬᠥᠮᠥᠨ ᠨᠡᠶᠢᠭᠡᠮ ᠤᠨ ᠪᠠᠲᠤᠯᠠᠪᠤᠷᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠡᠷᠡᠯ ᠭᠢᠯᠪᠠᠭ᠎ᠠ ᠨᠡᠮᠡᠷᠢᠯᠡᠨ᠎ᠡ᠃ ᠲᠤᠬᠠᠶᠢᠯᠠᠪᠠᠯ᠄ ᠰᠤᠷᠤᠯᠴᠠᠯᠭ᠎ᠠ ᠶᠢ ᠡᠷᠬᠢᠮᠯᠡᠵᠦ᠂ ᠢᠳᠡᠪᠬᠢᠯᠡᠨ ᠲᠡᠪᠰᠢᠬᠤ ᠵᠣᠷᠢᠭ ᠰᠠᠨᠠᠭ᠎ᠠ ᠶᠢ ᠪᠠᠳᠠᠷᠠᠭᠤᠯᠬᠤ︔ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠵᠦ᠂ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠬᠤ︔ ᠨᠠᠷᠢᠨ ᠬᠢᠨᠠᠮᠠᠭᠠᠢ ᠪᠠᠶᠢᠬᠤ ᠶᠢ ᠡᠷᠬᠢᠮᠯᠡᠵᠦ᠂ ᠨᠢᠭᠲᠠ ᠠᠴᠠ ᠨᠢᠭᠲᠠ ᠪᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠬᠤ︔ ᠪᠦᠯᠬᠦᠮᠳᠡᠯ ᠢ ᠡᠷᠬᠢᠮᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠶᠢ ᠪᠠᠳᠠᠷᠠᠭᠤᠯᠬᠤ︔ ᠠᠷᠢᠭᠤᠨ ᠴᠢᠬᠡᠴᠢ ᠪᠠᠶᠢᠬᠤ ᠶᠢ ᠡᠷᠬᠢᠮᠯᠡᠵᠦ᠂ ᠪᠡᠶ᠎ᠡ ᠪᠠᠨ ᠴᠢᠩᠭ᠎ᠠ ᠱᠠᠭᠠᠷᠳᠠᠬᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号