ᠳ᠋ᠢᠩ ᠺᠠᠢ ᠣᠶ ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠢ ᠪᠠᠶᠢᠴᠠᠭᠠᠵᠤ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/19
      3 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠣᠶ ᠰᠢᠭᠤᠢ ᠶᠢᠨ ᠭᠠᠯ ᠢ ᠰᠡᠷᠭᠡᠶᠢᠯᠡᠬᠦ ᠠᠵᠢᠯ ᠢ ᠪᠠᠶᠢᠴᠠᠭᠠᠵᠤ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠨ‌ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠤᠤ ᠵᠢᠶᠠᠨ ᠭᠠᠩ᠂ ᠵᠠᠩ ᠶᠢᠩ  ᠵᠢᠶᠧ᠂ ᠯᠢ ᠶᠦᠩ ᠭᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠳ᠋ᠢᠩ ᠺᠠᠢ ᠨᠠᠷ ᠤᠷᠢᠳ ᠬᠤᠵᠢᠳ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠬᠥᠮᠦᠵᠢᠯ ᠦᠢᠯᠡᠳᠦᠯᠭᠡ ᠶᠢᠨ ᠰᠠᠭᠤᠷᠢᠨ᠂ ᠶᠢᠨ ᠵᠢᠶᠠᠩ ᠭᠧᠦ ᠭᠠᠯ ᠰᠡᠷᠭᠡᠶᠢᠯᠡᠬᠦ ᠦᠷᠳᠡᠭᠡ ᠳᠤ ᠬᠦᠷᠴᠦ᠂ ᠨᠣᠭᠤᠭᠠᠷᠠᠭᠤᠯᠵᠤ ᠣᠶᠢᠵᠢᠭᠤᠯᠬᠤ᠂ ᠠᠮᠢ ᠠᠬᠤᠢ ᠶᠢ ᠰᠡᠷᠭᠦᠭᠡᠬᠦ ᠵᠢᠴᠢ ᠤᠢ ᠰᠢᠭᠤᠢ ᠶᠢᠨ ᠭᠠᠯ ᠰᠡᠷᠭᠡᠶᠢᠯᠡᠬᠦ ᠵᠢᠵᠢᠭᠦᠷᠯᠡᠨ ᠰᠠᠬᠢᠬᠤ᠂ ᠵᠢᠭᠰᠠᠭᠠᠨ ᠪᠠᠶᠢᠴᠠᠭᠠᠵᠤ ᠲᠣᠭᠤᠷᠢᠨ ᠪᠠᠶᠢᠴᠠᠭᠠᠬᠤ᠂ ᠲᠥᠬᠦᠭᠡᠷᠦᠮᠵᠢ ᠲᠣᠬᠢᠷᠠᠭᠤᠯᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠴᠢ ᠦᠭᠡᠢ ᠨᠢᠰᠬᠡᠯ ᠤᠨ ᠬᠢᠨᠠᠨ ᠬᠡᠮᠵᠢᠬᠦ ᠲᠠᠪᠴᠠᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠳ᠋ᠢᠩ ᠺᠠᠢ᠂ ᠨᠣᠭᠤᠭᠠᠷᠠᠭᠤᠯᠵᠤ ᠣᠶᠢᠵᠢᠭᠤᠯᠬᠤ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠣᠶ ᠰᠢᠭᠤᠢ ᠶᠢᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠵᠠᠩᠭᠢᠯᠠᠭ᠎ᠠ ᠶᠢᠨ ᠵᠠᠮ ᠤᠨ ᠠᠭᠤᠯᠵᠠᠷ ᠪᠠ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠳᠠᠯᠳᠠ ᠬᠡᠮ ᠢ ᠳᠠᠷᠠᠭᠠᠯᠠᠨ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠭᠠᠯ ᠤᠨ ᠲᠥᠷᠥᠯ ᠤᠨ ᠠᠭᠤᠯᠠᠨ ᠳᠤ ᠣᠷᠣᠵᠤ ᠣᠶ ᠰᠢᠭᠤᠢ ᠳᠤ ᠣᠷᠣᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠪᠠ ᠡᠳ᠋ ᠪᠣᠳᠠᠰ ᠨᠥᠭᠡᠴᠡᠯᠡᠬᠦ ᠠᠵᠢᠯ ᠢ ᠴᠢᠩᠭᠠᠳᠬᠠᠵᠤ᠂ ᠭᠠᠯ ᠤᠨ ᠪᠠᠶᠢᠳᠠᠯ ᠲᠣᠬᠢᠶᠠᠯᠳᠤᠪᠠᠯ ᠲᠦᠷᠭᠡᠨ ᠳᠠᠭᠠᠷᠢᠵᠤ᠂ ᠲᠦᠷᠭᠡᠨ ᠤᠰᠠᠳᠬᠠᠵᠤ᠂ ᠠᠷᠠᠳ ᠣᠯᠠᠨ ᠤ ᠡᠳ᠋ ᠬᠥᠷᠥᠩᠭᠡ ᠪᠠ ᠤᠯᠤᠰ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠳᠤ᠂ ᠳ᠋ᠢᠩ ᠺᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠰᠠᠭᠤᠴᠠ ᠶᠢᠨ ᠪᠠᠭ᠎ᠠ ᠬᠦᠷᠢᠶᠡᠯᠡᠩ ᠤᠨ ᠲᠥᠯᠦᠪᠵᠢᠭᠦᠯᠭᠡ ᠵᠡᠷᠭᠡ ᠠᠵᠢᠯ ᠤᠨ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠭᠰᠠᠨ ᠪᠥᠭᠡᠳ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ᠂ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠲᠤᠬᠠᠢ ᠶᠢᠨ ᠲᠠᠯᠠᠪᠤᠷ ᠲᠤ ᠠᠵᠢᠯᠯᠠᠵᠤ ᠰᠤᠳᠤᠯᠤᠨ ᠰᠢᠢᠳᠪᠦᠷᠢᠯᠡᠪᠡ᠃ ᠳ᠋ᠢᠩ ᠺᠠᠢ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ᠂ ᠨᠥᠯᠥᠭᠡᠯᠡᠬᠦ ᠬᠦᠴᠦᠨ ᠲᠠᠢ ᠨᠠᠷᠠᠲᠤ ᠲᠡᠮᠳᠡᠭᠲᠦ ᠠᠵᠤ ᠠᠬᠤᠶᠢᠯᠠᠯ ᠢ ᠢᠳᠡᠪᠬᠢᠲᠡᠢ ᠪᠠᠷ ᠡᠯᠰᠡᠨ ᠠᠪᠴᠢᠷᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠲᠣᠰᠬᠤᠨ ᠤ ᠠᠷᠠᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠦᠨ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠢ ᠬᠥᠭᠵᠢᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠦᠬᠦ ᠬᠤᠳᠠ ᠶᠢᠨ ︽ᠰᠣᠶᠣᠯ ᠤᠨ ᠥᠨᠳᠦᠷᠯᠢᠭ︾ ᠢ ᠪᠠᠶᠢᠭᠤᠯᠬᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠲᠠᠢ ᠤᠶᠠᠯᠳᠤᠭᠤᠯᠵᠤ᠂ ᠤᠳᠤ ᠶᠢᠨ ᠪᠠᠶᠢᠭ᠎ᠠ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠦᠷᠦᠯ ᠵᠦᠢᠯ ᠵᠢᠴᠢ ᠤᠷᠠᠯᠢᠭᠴᠢᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠳ᠋ᠦᠩ ᠳ᠋ᠡ ᠱᠠᠨ ᠠᠮᠠᠷᠠᠯᠲᠠ ᠶᠢᠨ ᠲᠣᠰᠬᠤᠨ ᠢ ᠪᠦᠬᠦ ᠬᠤᠳᠠ ᠶᠢᠨ ᠲᠡᠷᠢᠭᠦᠨ ᠵᠡᠷᠭᠡ ᠶᠢᠨ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠬᠠᠷᠠᠯᠲᠠᠲᠤ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠠᠷᠠᠳ ᠤᠯᠠᠨ ᠤ ᠣᠶᠢᠷ᠎ᠠ ᠵᠠᠮ ᠤᠨ ᠵᠤᠭᠠᠴᠠᠯ᠂ ᠬᠤᠳᠠ ᠶᠢᠨ ᠲᠡᠭᠦᠷᠭᠡ ᠶᠢᠨ ᠵᠤᠭᠠᠴᠠᠯ ᠤᠨ ᠲᠡᠷᠢᠭᠦᠨ ᠰᠣᠩᠭᠤᠯᠲᠠ ᠶᠢᠨ ᠭᠠᠵᠠᠷ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号