ᠦᠨᠡᠨᠬᠦ ᠠᠳᠬᠤᠨ ᠪᠣᠳᠠᠲᠠᠢ ᠠᠵᠢᠯᠯᠠᠵᠤ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ  ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠰᠢᠨ᠎ᠡ ᠥᠨᠳᠦᠷᠯᠢᠭ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/3/20
C:\Users\Administrator\Desktop\20240201102938841.jpg
        ᠰᠤᠷᠪᠤᠯᠵᠢᠯᠠᠭᠰᠠᠨ ᠭᠤᠣᠯ ᠰᠡᠳᠦᠪ᠄ ᠦᠨᠡᠨᠬᠦ ᠠᠳᠬᠤᠨ ᠪᠣᠳᠠᠲᠠᠢ ᠠᠵᠢᠯᠯᠠᠵᠤ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ   ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠰᠢᠨ᠎ᠡ ᠥᠨᠳᠦᠷᠯᠢᠭ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ       ᠰᠤᠷᠪᠤᠯᠵᠢᠯᠠᠭᠰᠠᠨ ᠴᠠᠭ᠄ 2024 ᠣᠨ ᠤ 2 ᠰᠠᠷ᠎ᠠ ᠶᠢᠨ 1 ᠤ ᠡᠳᠦᠷ       ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ       ᠦ᠋ ᠱᠧᠩ ᠴᠢᠶᠠᠩ       ᠲᠣᠪᠴᠢᠯᠠᠯ᠄ ᠴᠢᠩᠱᠠᠨ ᠲᠣᠭᠤᠷᠢᠭ ᠤᠨ ᠬᠢᠨ ᠪᠥᠬᠦ ᠬᠤᠲᠠ ᠶᠢᠨ ︽ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ᠤᠨ ᠬᠠᠷᠠᠯᠲᠠ ᠡᠭᠦᠷᠭᠡ ᠶᠢ ᠪᠠᠷᠢᠮᠵᠢᠶᠠᠯᠠᠵᠤ᠂ ᠰᠠᠨᠠᠭᠠᠴᠢᠯᠠᠭ᠎ᠠ  ᠠᠴᠠ ᠪᠠᠨ ᠨᠢᠭᠡᠳᠦᠭᠡᠷ ᠳᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠤᠷᠢᠳᠠᠪᠠᠷ ᠨᠢᠭᠡ ᠠᠯᠬᠤᠮ ᠰᠤᠷᠤᠯᠴᠠᠵᠤ᠂ ᠭᠦᠨ ᠨᠢᠭᠡ ᠳᠡᠰ ᠪᠠᠷ ᠭᠦᠨᠵᠡᠭᠡᠢ ᠰᠤᠷᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢᠨ ︽ᠰᠢᠯᠢᠳᠡᠭ ᠰᠤᠷᠤᠬᠤᠢ ᠶᠢ ᠴᠢᠩᠱᠠᠨ ᠳᠤ ᠪᠠᠶᠢᠯᠭᠠᠬᠤ︾ ᠨᠠᠷᠠᠲᠤ ᠲᠡᠮᠳᠡᠭ ᠤᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃      【ᠬᠥᠲᠥᠯᠥᠭᠴᠢ】       ᠴᠢᠩᠱᠠᠨ ᠲᠣᠭᠤᠷᠢᠭ ᠤᠨ ᠬᠢᠨ ᠪᠥᠬᠦ ᠬᠤᠲᠠ ᠳᠤ ᠰᠤᠷᠭᠠᠨ ᠬᠥᠮᠦᠵᠢᠯ ᠤᠨ ᠰᠢᠨ᠎ᠡ ᠥᠨᠳᠦᠷᠯᠢᠭ ᠢ ᠪᠠᠶᠢᠭᠤᠯᠬᠤ᠂ ᠰᠤᠷᠭᠠᠨ ᠬᠥᠮᠦᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ ᠬᠠᠷᠠᠯᠲᠠ ᠶᠢ ᠲᠦᠷᠭᠡᠳᠬᠡᠨ ᠪᠠᠶᠢᠭᠤᠯᠬᠤ ᠠᠵᠢᠯ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠦᠦ︖       【ᠰᠤᠷᠪᠤᠯᠵᠢᠯᠠᠭ᠎ᠠ ᠬᠦᠯᠢᠶᠡᠭᠰᠡᠨ ᠵᠤᠪᠴᠢᠨ       ᠦ᠋ ᠱᠧᠩ ᠴᠢᠶᠠᠩ】       2023 ᠣᠨ ᠳᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ︽ᠴᠢᠩᠱᠠᠨ ᠲᠣᠭᠤᠷᠢᠭ ᠤᠨ ᠵᠡᠭᠦᠨ ᠬᠡᠰᠡᠭ  ᠭᠠᠵᠠᠷ ᠣᠷᠣᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠰᠥᠯ︾ ᠢ ᠨᠡᠶᠢᠲᠡᠯᠡᠵᠦ᠂ ︽ᠬᠤᠶᠠᠷ ᠢ ᠳᠡᠭᠡᠭᠰᠢᠯᠡᠭᠦᠯᠬᠦ᠂ ᠳᠥᠷᠪᠡ ᠶᠢ ᠰᠢᠨ᠎ᠡ ᠪᠠᠷ ᠪᠠᠶᠢᠭᠤᠯᠬᠤ︾ ᠶᠡᠷᠦᠩᠬᠡᠢ ᠡᠭᠦᠷᠭᠡ ᠶᠢ ᠳᠤᠷᠠᠳᠤᠨ ᠭᠠᠷᠭᠠᠵᠦ᠂ ︽ᠬᠤᠶᠠᠷ ᠢ ᠳᠡᠭᠡᠭᠰᠢᠯᠡᠭᠦᠯᠬᠦ︾ ᠳᠤ ᠨᠡᠶᠢᠲᠡ 1200 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠴᠣᠣᠶᠠᠩ ᠵᠠᠮ ᠤᠨ ᠪᠠᠭ᠎ᠠ ᠰᠤᠷᠭᠠᠭᠤᠯᠢ ᠪᠠ ᠪᠤᠭᠤᠲᠦ ᠶᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ ᠶᠢ ᠥᠭᠡᠷᠡᠴᠢᠯᠡᠨ ᠲᠠᠰ ᠳᠡᠪᠰᠢᠭᠦᠯᠦᠨ᠎ᠡ︔ ︽ᠳᠥᠷᠪᠡ ᠶᠢ ᠰᠢᠨ᠎ᠡ ᠪᠠᠷ ᠪᠠᠶᠢᠭᠤᠯᠬᠤ︾ ᠳᠤ 2.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 2 ᠰᠢᠨ᠎ᠡ ᠪᠠᠷ ᠪᠠᠶᠢᠭᠤᠯᠵᠤ᠂ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢ 1 ᠪᠠᠶᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ 1 ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠪᠤᠭᠤᠲᠦ ᠶᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ᠂ ᠴᠣᠣᠶᠠᠩ ᠵᠠᠮ ᠤᠨ ᠪᠠᠭ᠎ᠠ ᠰᠤᠷᠭᠠᠭᠤᠯᠢ ᠶᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠰᠤᠷᠭᠠᠭᠤᠯᠢ ᠶᠢᠨ ᠳᠦᠷᠰᠦ ᠪᠠᠶᠢᠳᠠᠯ ᠴᠣ᠋ ᠰᠢᠨ᠎ᠡ ᠪᠣᠯᠪᠠ᠃ ᠤᠮᠠᠷᠠᠲᠤ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠪᠠᠶᠢᠭᠤᠯᠤᠭᠳᠠᠭᠰᠠᠨ ᠤ ᠲᠠᠷᠠᠭ᠎ᠠ᠂ ᠪᠤᠭᠤᠲᠤ ᠶᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ᠤᠨ ᠵᠢᠯ ᠪᠦᠷᠢ ᠶᠢᠨ ᠡᠯᠰᠡᠬᠦ ᠰᠤᠷᠤᠭᠴᠢ ᠨᠢ ᠵᠠᠭᠤ ᠬᠦᠷᠬᠦ ᠦᠭᠡᠢ ᠪᠠᠶᠢᠭᠰᠠᠨ ᠠᠴᠠ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠡᠯᠰᠡᠭᠰᠡᠨ ᠰᠤᠷᠤᠭᠴᠢ ᠨᠢ 344 ᠬᠥᠮᠥᠨ ᠪᠣᠯᠪᠠ︔ ᠴᠣᠣᠶᠠᠩ ᠵᠠᠮ ᠤᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠣᠷᠣᠭᠴᠢ ᠡᠯᠰᠡᠭᠰᠡᠨ ᠰᠣᠷᠣᠭᠴᠢ ᠨᠢᠳᠤᠨᠤᠨ ᠤ 130 ᠪᠠᠶᠢᠭᠰᠠᠨ ᠠᠴᠠ ᠪᠠᠨ ᠨᠡᠮᠡᠭᠳᠡᠭᠡᠳ 180 ᠪᠣᠯᠵᠤ ᠨᠡᠮᠡᠭᠳᠡᠨ᠂ ︽ᠬᠤᠶᠠᠷ ᠢ ᠳᠡᠭᠡᠭᠰᠢᠯᠡᠭᠦᠯᠬᠦ︾ ᠦᠷ᠎ᠡ ᠪᠦᠲᠦᠮᠵᠢ ᠠᠯᠭᠤᠷ ᠪᠠᠷ ᠠᠮᠵᠢᠯᠲᠠ ᠣᠯᠪᠠ᠃ ᠢᠷᠡᠬᠦ ᠭᠤᠷᠪᠠᠨ ᠵᠢᠯ ᠳᠤ᠂ ᠵᠡᠭᠦᠨ ᠬᠡᠰᠡᠭ ᠭᠠᠵᠠᠷ ᠣᠷᠣᠨ ᠤ ᠬᠢᠨ ᠰᠤᠷᠬᠤ ᠨᠠᠰᠤᠨ  ᠠᠴᠠ ᠡᠮᠦᠨ᠎ᠡ ᠳᠡᠭᠡᠳᠦ ᠳᠤᠮᠳᠠᠳᠤ ᠰᠤᠷᠭᠠᠭᠤᠯᠢ ᠬᠦᠷᠲᠡᠯ᠎ᠡ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠨᠢ ᠨᠠᠩ ᠪᠥᠬᠦ ᠲᠠᠯ᠎ᠠ ᠶᠢᠨ᠂ ᠲᠡᠩᠴᠡᠭᠦᠷᠢᠲᠡᠢ᠂ ᠴᠢᠨᠠᠷ ᠰᠠᠶᠢᠲᠠᠢ ᠪᠣᠯᠬᠤ ᠪᠣᠯᠣᠨ᠎ᠠ᠃ ᠡᠭᠦᠨ ᠤ ᠬᠠᠮᠲᠤ᠂ ᠤᠮᠠᠷᠠᠲᠤ ᠬᠦᠨᠳᠦ ᠠᠵᠤ ᠦᠢᠯᠡᠳᠪᠦᠷᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠾᠧᠩ ᠳ᠋ᠠ ᠰᠤᠷᠭᠠᠭᠤᠯᠢ ᠶᠢᠨ ᠲᠣᠭᠤᠷᠢᠭ᠂ ᠵᠤᠯ ᠵᠢᠷᠭᠠᠯᠲᠦ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠤᠯᠪᠣᠭ᠎ᠠ ᠶᠢᠨ ᠨᠢᠭᠡᠳᠦᠭᠡᠷ ᠰᠤᠷᠭᠠᠭᠤᠯᠢ ᠶᠢᠨ ᠲᠣᠭᠤᠷᠢᠭ ᠤᠨ ᠬᠤᠶᠢᠲᠤ ᠰᠤᠷᠭᠠᠭᠤᠯᠢ ᠶᠢᠨ ᠲᠣᠭᠤᠷᠢᠭ ᠵᠢᠴᠢ ᠨᠢᠭᠡᠳᠦᠭᠡᠷ ᠮᠠᠰᠢᠨ ᠬᠤᠶᠠᠳᠤᠭᠠᠷ ᠬᠦᠷᠢᠶᠡᠯᠡᠩ ᠤᠨ ᠰᠢᠨ᠎ᠡ ᠪᠠᠷ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠹᠧᠢ ᠯᠢ ᠸᠠᠨ ᠳᠤᠮᠳᠠᠳᠤ ᠰᠤᠷᠭᠠᠭᠤᠯᠢ᠂ 202 ᠴᠥᠮ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠲᠦᠷᠭᠡᠳᠬᠡᠨ᠎ᠡ᠃ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠬᠦ ᠨᠢ ᠪᠤᠭᠤᠲᠤ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠪᠣᠯᠣᠨ᠎ᠠ᠃       【ᠬᠥᠲᠥᠯᠥᠭᠴᠢ】       ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠳᠤ ᠶᠠᠮᠠᠷ ᠶᠠᠮᠠᠷ ᠠᠵᠢᠯ ᠬᠢᠭᠰᠡᠨ ᠪᠣᠶ︖       【ᠰᠤᠷᠪᠤᠯᠵᠢᠯᠠᠭ᠎ᠠ ᠬᠦᠯᠢᠶᠡᠭᠰᠡᠨ ᠵᠤᠪᠴᠢᠨ       ᠦ᠋ ᠱᠧᠩ ᠴᠢᠶᠠᠩ】      1.38 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠠᠳᠠ ᠪᠠᠭ᠎ᠠ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠬᠤ ᠠᠰᠠᠷ᠂ ᠪᠡᠶ᠎ᠡ ᠶᠢᠨ ᠲᠠᠮᠢᠷ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠴᠢᠩᠱᠠᠨ ᠲᠣᠭᠤᠷᠢᠭ ᠤᠨ ᠭᠤᠷᠪᠠᠳᠤᠭᠠᠷ ᠳᠤᠮᠳᠠᠳᠤ ᠰᠤᠷᠭᠠᠭᠤᠯᠢ᠂ ᠴᠢᠩᠱᠠᠨ ᠲᠣᠭᠤᠷᠢᠭ ᠤᠨ ᠬᠤᠶᠠᠳᠤᠭᠠᠷ ᠳᠤᠮᠳᠠᠳᠤ ᠰᠤᠷᠭᠠᠭᠤᠯᠢ᠂ ᠪᠤᠭᠤᠲᠦ ᠶᠢᠨ ᠲᠠᠪᠤᠳᠤᠭᠠᠷ ᠳᠤᠮᠳᠠᠳᠤ ᠰᠤᠷᠭᠠᠭᠤᠯᠢ᠂ ᠴᠢᠩᠱᠠᠨ ᠵᠠᠮ ᠤᠨ ᠵᠢᠷᠭᠤᠳᠤᠭᠠᠷ ᠪᠠᠭ᠎ᠠ ᠰᠤᠷᠭᠠᠭᠤᠯᠢ᠂ ᠪᠤᠭᠤᠲᠦ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ ᠵᠡᠷᠭᠡ 5 ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢᠯ ᠢ ᠪᠡᠶᠡᠯᠡᠭᠦᠯᠵᠦ᠂ 44 ᠰᠤᠷᠭᠠᠭᠤᠯᠢ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠶᠢᠨ ᠦᠯᠡᠳᠡᠭᠳᠡᠯ ᠲᠥᠷᠥᠯ ᠵᠦᠢᠯ ᠤᠨ ᠴᠡᠭᠴᠡᠯᠡᠨ ᠥᠭᠡᠷᠡᠴᠢᠯᠡᠯᠲᠡ ᠶᠢ ᠪᠡᠶᠡᠯᠡᠭᠦᠯᠵᠦ᠂ 6 ᠰᠤᠷᠭᠠᠭᠤᠯᠢ ᠶᠢᠨ ᠴᠡᠭᠴᠡᠯᠡᠨ ᠥᠭᠡᠷᠡᠴᠢᠯᠡᠯᠲᠡ ᠶᠢ ᠶᠠᠭ ᠶᠠᠪᠤᠭᠳᠠᠭᠤᠯᠵᠤ ᠪᠣᠶ᠃ ᠣᠶᠢᠷ᠎ᠠ ᠶᠢᠨ ᠵᠢᠯ ᠳᠤ 9500 ᠭᠠᠷᠤᠢ ᠲᠦᠮᠡᠨ ᠲᠥᠭᠦᠷᠢᠭ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠳᠤ ᠡᠩ ᠲᠡᠷᠢᠭᠦᠨ ᠳᠤ ᠡᠷᠡᠭᠦᠯ ᠮᠡᠨᠳᠦ ᠶᠢᠨ ᠭᠡᠷᠡᠯᠲᠦᠭᠦᠯᠭᠡ᠂ ᠣᠶᠤᠨᠲᠤ ᠰᠠᠮᠪᠠᠷ᠎ᠠ᠂ ᠲᠣᠬᠢᠷᠠᠭᠤᠯᠵᠤ ᠪᠣᠯᠬᠤ ᠰᠢᠷᠡᠭᠡ ᠰᠠᠨᠳᠠᠯᠢ᠂ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠤᠨ ᠭᠡᠷ᠂ ᠰᠣᠷᠣᠭᠴᠢ ᠶᠢᠨ ᠰᠦᠯᠵᠢᠶᠡᠨ ᠤ ᠮᠠᠰᠢᠨ ᠤ ᠥᠷᠥᠭᠡ᠂ 110 ᠦᠵᠡᠭᠳᠡᠮᠡᠯ ᠨᠢᠭᠡ ᠳᠠᠷᠤᠪᠴᠢᠲᠤ ᠲᠦᠭᠰᠢᠭᠦᠷᠢ ᠮᠡᠳᠡᠭᠡᠯᠡᠬᠦ ᠲᠠᠪᠴᠠᠩ᠂ ᠪᠠᠭᠰᠢ ᠶᠢᠨ ᠠᠯᠪᠠᠨ ᠺᠣᠮᠫᠢᠦ᠋ᠲ᠋ᠧᠷ᠂ ᠳᠤᠮᠳᠠᠳᠤ ᠪᠠᠭ᠎ᠠ ᠰᠤᠷᠭᠠᠭᠤᠯᠢ ᠶᠢᠨ ᠡᠷᠡᠭᠦᠯ ᠮᠡᠨᠳᠦ ᠶᠢᠨ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠵᠡᠷᠭᠡ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠨ᠎ᠠ᠃       【ᠬᠥᠲᠥᠯᠥᠭᠴᠢ】       ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠦᠨᠳᠦᠰᠦ ᠰᠠᠭᠤᠷᠢ ᠶᠢ ᠬᠡᠷᠬᠢᠨ ᠪᠥᠬᠦ ᠲᠠᠯ᠎ᠠ ᠪᠠᠷ ᠪᠠᠬᠢᠵᠢᠭᠦᠯᠬᠦ ᠪᠣᠶ︖       【ᠰᠤᠷᠪᠤᠯᠵᠢᠯᠠᠭ᠎ᠠ ᠬᠦᠯᠢᠶᠡᠭᠰᠡᠨ ᠵᠤᠪᠴᠢᠨ       ᠦ᠋ ᠱᠧᠩ ᠴᠢᠶᠠᠩ】       ᠵᠠᠯᠠᠭᠤ ᠰᠢᠯᠢᠳᠡᠭ ᠪᠠᠭᠰᠢ᠂ ᠺᠠᠳ᠋ᠷ ᠢ ᠬᠥᠮᠥᠵᠢᠭᠦᠯᠬᠦ ᠠᠷᠭ᠎ᠠ ᠵᠠᠮ ᠢ ᠥᠷᠭᠡᠳᠬᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠪᠡᠯᠡᠳᠬᠡᠯ ᠴᠢᠳᠠᠪᠤᠷᠢᠲᠠᠨ ᠤ ᠬᠥᠮᠥᠷᠭᠡ ᠶᠢ ᠤᠯᠠᠮ ᠨᠢᠭᠡ ᠠᠯᠬᠤᠮ ᠪᠠᠶᠢᠭᠤᠯᠤᠨ᠎ᠠ᠃ ᠪᠠᠭᠰᠢ ᠶᠢ ᠨᠥᠬᠦᠪᠦᠷᠢᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠢᠯᠡ ᠪᠠᠷ ᠤᠷᠢᠬᠤ ᠵᠡᠷᠭᠡ ᠠᠷᠭ᠎ᠠ ᠬᠡᠯᠪᠡᠷᠢ ᠪᠠᠷ 200 ᠭᠠᠷᠤᠢ ᠪᠠᠭᠰᠢ ᠶᠢ ᠨᠥᠬᠦᠪᠦᠷᠢᠯᠡᠵᠦ᠂ ᠪᠠᠭᠰᠢ ᠶᠢᠨ ᠴᠢᠳᠠᠪᠤᠷᠢᠲᠠᠨ ᠢ ᠨᠥᠭᠡᠴᠡᠯᠡᠬᠦ ᠬᠡᠷᠡᠭᠴᠡᠭᠡ ᠶᠢ ᠪᠠᠲᠤᠯᠠᠪᠠ᠃ ᠰᠤᠷᠭᠠᠨ ᠬᠥᠮᠦᠵᠢᠯ ᠬᠥᠭᠵᠢᠭᠰᠡᠨ ᠭᠠᠵᠠᠷ ᠣᠷᠣᠨ ᠤ ᠰᠤᠷᠭᠠᠨ ᠬᠥᠮᠦᠵᠢᠯ ᠤᠨ ᠪᠦᠯᠦᠭᠯᠡᠯ ᠯᠦᠭᠡ ᠬᠤᠣᠰᠯᠠᠯ ᠪᠠᠶᠢᠭᠤᠯᠵᠤ ᠬᠠᠮᠲᠤᠪᠠᠷ ᠪᠠᠶᠢᠭᠤᠯᠬᠤ ᠲᠣᠭᠲᠠᠴᠠ ᠶᠢ ᠦᠷᠭᠦᠯᠵᠢᠯᠡᠨ ᠴᠢᠩᠭᠠᠳᠬᠠᠵᠤ᠂ ᠰᠢᠯᠢᠳᠡᠭ ᠬᠠᠮᠢᠶᠠᠷᠤᠯᠲᠠ ᠶᠢᠨ ᠺᠠᠳ᠋ᠷ ᠪᠠ ᠭᠤᠣᠯᠯᠠᠭᠴᠢ ᠪᠠᠭᠰᠢ ᠶᠢ ᠵᠣᠬᠢᠶᠠᠨ ᠪᠠᠶᠢᠭᠤᠯᠤᠨ ᠰᠣᠩᠭᠤᠨ ᠲᠣᠮᠢᠯᠠᠵᠤ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ᠂ ᠠᠵᠢᠯ ᠤᠨ ᠪᠠᠶᠢᠷᠢ ᠶᠢ ᠳᠠᠭᠠᠵᠤ ᠰᠤᠷᠤᠯᠴᠠᠭᠤᠯᠤᠨ᠎ᠠ᠃ ᠳᠤᠮᠳᠠᠳᠤ ᠣᠷᠣᠨ ᠤ ᠪᠠᠭᠰᠢ ᠶᠢᠨ ᠶᠡᠭᠡ ᠰᠤᠷᠭᠠᠭᠤᠯᠢ᠂ ᠳᠣᠷᠣᠨᠠᠲᠤ ᠣᠷᠣᠨ ᠤ ᠪᠠᠭᠰᠢ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠵᠢᠴᠢ ᠮᠠᠨ ᠤ ᠲᠤᠭᠤᠷᠢᠭ ᠲᠤ ᠣᠷᠳᠣ ᠬᠤᠭᠤᠴᠠᠭ᠎ᠠ ᠪᠠᠷ ᠵᠢᠭᠠᠨ ᠵᠢᠯᠣᠭᠤᠳᠤᠭᠰᠠᠨ ᠬᠤᠸᠠ ᠶᠢᠩ ᠯᠦᠩ᠂ ᠦ᠋ ᠵᠢᠶᠠᠩ ᠯᠢᠨ ᠵᠡᠷᠭᠡ ᠠᠷᠪᠠ ᠭᠠᠷᠤᠢ ᠨᠠᠷᠠᠲᠤ ᠲᠤᠰᠬᠠᠢ ᠮᠡᠷᠭᠡᠵᠢᠯᠲᠡᠨ ᠢ ᠤᠷᠢᠵᠤ ᠵᠥᠪᠯᠡᠭᠴᠢ ᠶᠢᠨ ᠪᠦᠯᠬᠦᠮ ᠢ ᠪᠦᠷᠢᠯᠳᠦᠭᠦᠯᠵᠦ᠂ ᠪᠥᠬᠦ ᠲᠤᠭᠤᠷᠢᠭ ᠤᠨ ᠰᠤᠷᠭᠠᠭᠤᠯᠢ ᠡᠷᠭᠢᠯᠡᠬᠦ ᠶᠢ ᠮᠥᠷᠳᠡᠨ ᠵᠢᠯᠤᠭᠤᠳᠤᠭᠤᠯᠤᠨ᠎ᠠ᠃ ᠥᠪᠥᠷ ᠮᠣᠩᠭᠤᠯ ᠤᠨ ᠭᠠᠵᠠᠷ ᠣᠷᠣᠨ ᠤ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠪᠣᠯᠤᠭᠰᠠᠨ ᠤ ᠬᠤᠪᠢ ᠳᠠᠬᠢ ᠴᠢᠩᠱᠠᠨ ᠲᠣᠭᠤᠷᠢᠭ ᠤᠨ ᠢᠳᠡᠪᠬᠢᠲᠡᠢ ᠦᠢᠯᠡᠳᠦᠯ ᠢ ᠪᠠᠳᠠᠷᠠᠭᠤᠯᠵᠤ᠂ 1356 ᠪᠦᠬᠦᠯᠢ ᠴᠣᠭᠴᠠ ᠶᠢᠨ ᠠᠵᠢᠯ ᠤᠨ ᠲᠥᠰᠥᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃       ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠯᠪᠤᠭᠠᠯᠠᠨ ᠰᠤᠷᠭᠠᠭᠤᠯᠢ ᠡᠷᠭᠢᠯᠡᠬᠦ᠂ ᠨᠠᠷᠠᠲᠤ ᠰᠤᠷᠭᠠᠭᠤᠯᠢ ᠡᠷᠭᠢᠯᠡᠭᠰᠡᠨ ᠬᠤᠪᠢᠶᠠᠷᠢ ᠰᠤᠷᠭᠠᠭᠤᠯᠢ᠂ ᠪᠦᠯᠦᠭᠴᠢᠯᠡᠭᠰᠡᠨ ᠰᠤᠷᠭᠠᠭᠤᠯᠢ ᠡᠷᠭᠢᠯᠡᠬᠦ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠱᠠᠩᠬᠠᠢ᠂ ᠨᠢᠩᠪᠦ᠋ᠸᠧ᠂ ᠰᠢᠶᠠᠮᠧᠨ ᠵᠡᠷᠭᠡ ᠭᠠᠵᠠᠷ ᠤᠨ 19  ᠨᠢᠭᠡᠴᠡ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠤᠯᠪᠣᠭᠠᠨ ᠤ ᠬᠠᠮᠲᠤ ᠶᠢᠨ ᠴᠣᠭᠴᠠ ᠶᠢᠨ ᠰᠤᠷᠭᠠᠨ ᠬᠥᠮᠦᠵᠢᠯ ᠤᠨ ᠰᠣᠯᠢᠯᠴᠠᠭ᠎ᠠ ᠶᠢ ᠨᠢᠭᠲᠠᠷᠠᠭᠤᠯᠵᠤ᠂ ᠡᠯ᠎ᠡ ᠰᠤᠷᠤᠯᠭ᠎ᠠ ᠶᠢᠨ ᠱᠠᠲᠤᠨ ᠤ ᠰᠤᠷᠭᠠᠨ ᠬᠥᠮᠦᠵᠢᠯ ᠤᠨ ᠪᠣᠰᠤᠭ᠎ᠠ ᠴᠣᠭᠴᠠᠲᠤ ᠮᠠᠶ᠋ᠢᠭ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠯᠤᠭ᠎ᠠ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠠᠪᠤᠨ ᠶᠡᠭᠡ ᠲᠥᠷᠥᠯ ᠵᠦᠢᠯ ᠤᠨ 17 ᠲᠠᠯ᠎ᠠ ᠶᠢᠨ ᠠᠵᠢᠯ ᠤᠨ ᠥᠷᠨᠢᠯᠲᠡ ᠶᠢ ᠠᠬᠢᠭᠤᠯᠤᠨ᠎ᠠ︔ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠣᠷᠣᠭᠴᠢ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ᠂ ᠠᠰᠫᠢᠷᠠᠨᠲ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠣᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ︽ᠥᠨᠳᠥᠷ ᠴᠡᠭ ᠠᠴᠠ ᠡᠬᠢᠯᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠰᠤᠷᠭᠠᠭᠤᠯᠢ ᠡᠷᠭᠢᠯᠡᠬᠦ ᠰᠢᠨ᠎ᠡ ᠬᠡᠪ ᠪᠠᠶᠢᠳᠠᠯ ᠢ ᠪᠣᠶ ᠪᠣᠯᠭᠠᠵᠤ᠂ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢᠨ ᠠᠭᠤᠯᠤᠭᠳᠠᠬᠤᠨ ᠤ ᠲᠤᠯᠭᠠᠭᠤᠷᠢᠯᠠᠯ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃       【ᠬᠥᠲᠥᠯᠥᠭᠴᠢ】       ᠪᠤᠰᠤᠳ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠤᠪᠴᠢᠨ       ᠦ᠋ ᠱᠧᠩ ᠴᠢᠶᠠᠩ】       ᠨᠢᠭᠡ ᠳᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ︽ᠭᠤᠷᠪᠠ ᠶᠢ ᠪᠦᠷᠢᠳᠦᠭᠦᠯᠵᠦ ᠬᠥᠮᠥᠨ ᠢ ᠬᠥᠮᠥᠵᠢᠭᠦᠯᠬᠦ︾ ᠰᠠᠭᠤᠷᠢ ᠶᠢ ᠪᠠᠲᠤᠳᠬᠠᠨ᠎ᠠ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠤᠯᠤᠰ ᠲᠥᠷᠥ ᠶᠢᠨ ᠶᠡᠷᠦᠩᠬᠡᠶᠢᠯᠡᠨ ᠵᠢᠯᠤᠭᠤᠳᠬᠤ︾ ᠤᠬᠠᠮᠰᠠᠷ ᠢᠶᠠᠨ ᠴᠢᠩᠭᠠᠳᠬᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠵᠤ᠂ ᠰᠤᠷᠭᠠᠭᠤᠯᠢ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠳᠤ ᠬᠤᠭᠤᠴᠠᠭ᠎ᠠ ᠰᠣᠯᠢᠬᠤ᠂ ᠲᠣᠬᠢᠷᠠᠭᠤᠯᠤᠯᠲᠠ ᠬᠢᠬᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠢ ᠲᠠᠰᠤᠷᠠᠯᠲᠠ ᠦᠭᠡᠢ ᠴᠢᠩᠭᠠᠳᠬᠠᠵᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾᠂ ︽ᠵᠢᠱᠢᠶᠡᠴᠢ ᠱᠦᠵᠢ ᠶᠢᠨ ᠠᠵᠢᠯᠯᠠᠬᠤ ᠲᠠᠰᠤᠭ︾᠂ ︽ᠬᠡᠪ ᠳᠠᠭᠤᠷᠢᠶᠠᠯ ᠪᠣᠯᠬᠤ ᠨᠠᠮ ᠤᠨ ᠭᠡᠰᠢᠭᠦᠨ ᠪᠠᠭᠰᠢ ᠶᠢᠨ ᠠᠵᠢᠯᠯᠠᠬᠤ ᠲᠠᠰᠤᠭ︾ ᠵᠡᠷᠭᠡ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠡᠷᠢᠭᠦᠨ ᠤ ᠰᠢᠯᠭᠠᠷᠠᠭᠤᠯᠤᠯᠲᠠ ᠪᠠᠷ ᠳᠠᠮᠵᠢᠭᠤᠯᠤᠨ᠂ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠢᠷᠡᠭᠡᠳᠦᠢ ᠶᠢᠨ ᠳᠡᠭᠡᠳᠦ ᠰᠤᠷᠭᠠᠭᠤᠯᠢ ᠶᠢ ᠭᠦᠢᠴᠡᠳ ᠠᠰᠢᠭᠯᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠤᠨ ᠡᠩᠨᠡᠭᠡ ᠶᠢᠨ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠨᠠᠮ ᠤᠨ ᠡᠭᠦᠷ ᠤᠨ ᠱᠦᠵᠢ ᠶᠢᠨ ᠡᠩᠨᠡᠭᠡ ᠶᠢ ᠰᠤᠷᠭᠠᠨ ᠬᠥᠮᠦᠵᠢᠯ ᠤᠨ ᠬᠦᠷᠢᠶᠡᠨ ᠤ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠤᠣᠰ ᠠᠭᠤᠰᠤᠯᠴᠠᠯ᠂ ᠬᠤᠣᠰ ᠠᠬᠢᠭᠤᠯᠤᠯᠲᠠ ᠶᠢᠨ ᠭᠤᠣᠯᠯᠠᠭᠴᠢ ᠬᠦᠴᠦᠨ ᠪᠣᠯᠭᠠᠨ ᠪᠠᠶᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃       ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠰᠤᠳᠤᠯᠭᠠᠨ ᠤ ᠨᠡᠶᠢᠭᠡᠮᠯᠢᠭ ᠴᠢᠩᠱᠠᠨ ᠲᠣᠭᠤᠷᠢᠭ ᠲᠤ ᠪᠦᠬᠦ ᠤᠯᠤᠰ ᠤᠨ ᠠᠩᠬᠠᠳᠠᠭᠴᠢ ︽ᠭᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤᠷᠠᠯᠴᠠᠨ ᠬᠥᠮᠥᠨ ᠬᠥᠮᠥᠵᠢᠭᠦᠯᠬᠦ ᠰᠤᠳᠤᠯᠭᠠᠨ ᠤ ᠦᠢᠯᠡᠳᠦᠯᠭᠡ ᠶᠢᠨ ᠰᠠᠭᠤᠷᠢᠨ︾ ᠭᠠᠵᠠᠷ ᠢ ᠪᠠᠶᠢᠭᠤᠯᠵᠤ᠂ ︽ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ︾ ᠢ ᠴᠢᠳᠠᠮᠠᠭᠠᠢ ᠪᠠᠷ ᠬᠡᠷᠡᠭᠯᠡᠵᠦ᠂ ᠪᠦᠬᠦ ᠶᠠᠪᠤᠴᠠ᠂ ᠪᠦᠬᠦ ᠠᠵᠢᠯᠲᠠᠨ᠂ ᠪᠦᠬᠦ ᠲᠠᠯ᠎ᠠ ᠪᠠᠷ ᠬᠥᠮᠥᠨ ᠬᠥᠮᠥᠵᠢᠭᠦᠯᠬᠦ ᠪᠠᠶᠢᠷᠢᠰᠢᠯ ᠢ ᠲᠠᠰᠤᠷᠠᠯᠲᠠ ᠦᠭᠡᠢ ᠪᠠᠬᠢᠵᠢᠭᠦᠯᠦᠨ᠎ᠡ︔ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠶᠡᠭᠡ ᠳᠤᠮᠳᠠ ᠪᠠᠭ᠎ᠠ ᠴᠡᠴᠡᠷᠯᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠬᠤᠯᠪᠣᠭ᠎ᠠ︾ ᠳᠤ ᠲᠦᠰᠢᠭᠯᠡᠨ᠂ ᠦᠵᠡᠯ ᠰᠠᠨᠠᠭ᠎ᠠ ᠤᠯᠤᠰ ᠲᠥᠷᠥ ᠶᠢᠨ ᠪᠠᠭᠰᠢ ᠶᠢᠨ ᠪᠣᠯᠪᠠᠰᠤᠷᠠᠭᠤᠯᠤᠯ᠂ ᠪᠥᠬᠦ ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠤᠰᠬᠠᠢ ᠰᠡᠳᠦᠪ ᠢ ᠵᠣᠬᠢᠶᠠᠨ ᠪᠠᠶᠢᠭᠤᠯᠬᠤ᠂ ᠪᠤᠭᠤᠲᠤ ᠬᠤᠲᠠ ᠶᠢᠨ ᠲᠠᠰ ᠤᠨ ᠠᠵᠢᠯᠯᠠᠬᠤ ᠲᠠᠰᠤᠭ ᠤᠨ ᠬᠤᠯᠪᠣᠭ᠎ᠠ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠡᠭᠡ ᠳᠤᠮᠳᠠ ᠪᠠᠭ᠎ᠠ  ᠴᠡᠴᠡᠷᠯᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠬᠤᠭᠤᠴᠠᠭᠠᠨ ᠤ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠦᠨᠳᠦᠰᠦᠨ ᠴᠢᠳᠠᠪᠤᠷᠢ ᠶᠢᠨ ᠦᠵᠡᠭᠦᠯᠦᠯᠭᠡ ᠶᠢᠨ ᠠᠵᠢᠯᠯᠠᠭ᠎ᠠ ᠳᠤ᠂ ᠮᠠᠨ ᠤ ᠲᠤᠭᠤᠷᠢᠭ ᠤᠨ ᠤᠷᠤᠯᠳᠤᠭᠠᠨ ᠳᠤ ᠣᠷᠣᠯᠴᠠᠭᠰᠠᠨ ᠪᠠᠭᠰᠢ ᠨᠠᠷ ᠴᠥᠮ ᠨᠢᠳᠦ ᠭᠢᠯᠠᠰᠤᠮ᠎ᠠ ᠠᠮᠵᠢᠯᠲᠠ ᠶᠡᠭᠡ ᠳᠤᠮᠳᠠ ᠪᠠᠭ᠎ᠠ ᠬᠡᠦᠬᠡᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠣᠭᠴᠠᠵᠢᠭᠤᠯᠤᠭᠰᠠᠨ ᠰᠢᠷᠢᠰ ᠰᠤᠷᠭᠠᠨ ᠬᠥᠮᠦᠵᠢᠯ ᠤᠨ ᠠᠵᠢᠯᠯᠠᠭ᠎ᠠ ᠨᠢ ᠴᠢᠨᠠᠷ ᠰᠠᠶᠢᠲᠠᠢ ᠬᠥᠭᠵᠢᠯᠲᠡ ᠳᠤ ᠳᠣᠲᠣᠭᠠᠳᠤ ᠬᠥᠳᠡᠯᠭᠡᠬᠦ ᠬᠦᠴᠦᠨ ᠨᠡᠮᠡᠷᠢᠯᠡᠨ᠎ᠡ᠃       ᠬᠤᠶᠠᠷ ᠲᠤ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠦᠷᠭᠦᠯᠵᠢᠯᠡᠨ ᠴᠣᠭᠴᠠᠯᠠᠨ᠎ᠠ᠃ ᠴᠢᠩᠱᠠᠨ ᠲᠣᠭᠤᠷᠢᠭ ᠤᠨ ᠳᠡᠭᠡᠳᠦ ᠪᠠᠷᠢᠮᠵᠢᠶ᠎ᠠ ᠪᠠᠷ ᠪᠠᠶᠢᠷᠢ ᠲᠣᠭᠲᠠᠭᠠᠵᠤ᠂ ᠳᠡᠭᠡᠳᠦ ᠴᠢᠨᠠᠷᠲᠠᠢ ᠪᠠᠷ ᠠᠬᠢᠭᠤᠯᠵᠤ᠂ ᠪᠥᠬᠦ ᠤᠯᠤᠰ ᠤᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠨᠡᠶᠢᠲᠡᠯᠢᠭ ᠵᠢᠱᠢᠶ᠎ᠡ ᠪᠣᠯᠬᠤ ᠬᠠᠩᠵᠧᠦ ᠬᠤᠲᠠ ᠶᠢᠨ ᠱᠠᠩᠴᠧᠩ ᠲᠣᠭᠤᠷᠢᠭ ᠯᠤᠭ᠎ᠠ ᠭᠡᠷ᠎ᠡ ᠲᠣᠭᠲᠠᠨ ᠬᠠᠮᠲᠤᠷᠠᠯᠴᠠᠵᠤ᠂ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠡᠷᠭᠢᠯᠡᠬᠦ᠂ ᠠᠵᠢᠯ ᠤᠨ ᠪᠠᠶᠢᠷᠢ ᠳᠠᠭᠠᠵᠤ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠭᠡᠷᠡᠴᠢᠯᠡᠯᠲᠡ ᠶᠢᠨ ᠠᠷᠭ᠎ᠠ ᠵᠠᠮ ᠢ ᠪᠦᠲᠦᠮᠵᠢᠲᠡᠶ ᠥᠷᠭᠡᠳᠬᠡᠪᠡ᠃ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ ᠲᠤᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠶᠢ ᠪᠠᠶᠢᠭᠤᠯᠤᠨ ᠴᠢᠩᠭᠠᠳᠬᠠᠵᠤ᠂ ᠰᠣᠷᠣᠭᠴᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠥᠭᠡᠷᠡᠴᠢᠯᠡᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠪᠥᠬᠦ ᠬᠤᠲᠠ ᠶᠢᠨ ᠬᠡᠪᠴᠢᠶᠡᠨ ᠳᠤ ᠬᠡᠤᠬᠡᠳ  ᠤᠨ ᠴᠡᠴᠡᠷᠯᠢᠭ ᠪᠠᠭ᠎ᠠ ᠰᠤᠷᠭᠠᠭᠤᠯᠢ ᠶᠢ ᠵᠣᠯᠭᠠᠭᠤᠯᠬᠤ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢᠨ ᠲᠠᠶᠢᠯᠤᠮᠵᠢ᠂ ᠭᠡᠷ ᠪᠦᠯᠢ ᠪᠠ ᠰᠤᠷᠭᠠᠭᠤᠯᠢ ᠬᠠᠮᠲᠤ ᠪᠠᠷ ᠬᠥᠮᠥᠵᠢᠭᠦᠯᠬᠦ ᠬᠢᠨᠠᠨ ᠬᠡᠮᠵᠢᠯᠲᠡ ᠶᠢᠨ ᠮᠡᠳᠡᠭᠦᠯᠦᠯᠲᠡ ᠶᠢᠨ ᠲᠠᠶᠢᠯᠤᠮᠵᠢ ᠬᠢᠭᠡᠳ ᠦᠷ᠎ᠡ ᠳ᠋ᠦᠩ ᠤᠨ ᠬᠡᠷᠡᠭᠯᠡᠯᠲᠡ ᠵᠡᠷᠭᠡ ᠠᠵᠢᠯ ᠢ ᠤᠷᠢᠳᠠᠪᠠᠷ ᠲᠤᠷᠰᠢᠨ ᠬᠢᠨ᠎ᠡ᠃ ᠲᠣᠰ ᠰᠤᠷᠤᠯᠭ᠎ᠠ ᠶᠢᠨ ᠬᠤᠭᠤᠴᠠᠭᠠᠨ ᠳᠤ᠂ ᠬᠡᠦᠬᠡᠳ ᠤᠨ ᠴᠡᠴᠡᠷᠯᠢᠭ ᠲᠤ ︽ᠪᠡᠶ᠎ᠡ ᠪᠠᠨ ᠳᠠᠭᠠᠭᠠᠭᠰᠠᠨ ᠲᠣᠭᠯᠠᠭᠠᠮ︾ ᠢ ᠲᠤᠷᠰᠢᠨ ᠬᠡᠷᠡᠭᠵᠢᠭᠦᠯᠵᠦ᠂ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠩ ᠡᠷᠡᠭᠦᠯ ᠰᠠᠷᠠᠭᠤᠯ ᠰᠤᠷᠭᠠᠨ ᠬᠥᠮᠦᠵᠢᠯ ᠤᠨ ᠠᠮᠢ ᠠᠬᠤᠢ ᠶᠢ ᠪᠣᠶ ᠪᠣᠯᠭᠠᠨ᠎ᠠ᠃       ᠰᠢᠨ᠎ᠡ ᠶᠢ ᠡᠭᠦᠳᠬᠦ ᠣᠷᠣᠶᠢᠯᠠᠭᠰᠠᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠴᠢᠩᠭᠠᠳᠬᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠣᠯᠠᠨ ᠶᠠᠩᠵᠤ ᠶᠢᠨ ᠣᠨᠴᠠᠯᠢᠭ ᠲᠠᠢ ᠬᠥᠭᠵᠢᠯᠲᠡ ᠶᠢ ᠪᠡᠶᠡᠯᠡᠭᠦᠯᠦᠨ᠎ᠡ᠃ ᠪᠤᠭᠤᠲᠦ ᠶᠢᠨ ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ︽ᠪᠤᠭᠤᠲᠤ ᠬᠤᠲᠠ ᠶᠢᠨ ᠣᠷᠣᠶᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ ᠤᠨ ᠰᠤᠷᠭᠠᠭᠤᠯᠢ︾᠂ ᠪᠤᠭᠤᠲᠦ ᠶᠢᠨ ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠦ ᠶᠢᠨ ᠶᠡᠷᠡᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ︽ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠲᠤᠷᠰᠢᠯᠲᠠ ᠶᠢᠨ ᠴᠡᠭ ᠤᠨ ᠳᠤᠮᠳᠠᠳᠤ ᠰᠤᠷᠭᠠᠭᠤᠯᠢ︾ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠰᠤᠷᠭᠠᠨ ᠬᠥᠮᠦᠵᠢᠯ ᠤᠨ ᠥᠨᠳᠦᠷᠯᠢᠭ ᠭᠠᠵᠠᠷ ᠢ ᠪᠥᠬᠦ ᠲᠠᠯ᠎ᠠ ᠪᠠᠷ ᠪᠠᠶᠢᠭᠤᠯᠵᠤ ᠰᠤᠷᠭᠠᠨ ᠬᠥᠮᠦᠵᠢᠯ ᠤᠨ ᠬᠦᠴᠦᠷᠬᠡᠭ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠰᠠᠨᠠᠯ︾ ᠢ ᠪᠥᠬᠦ ᠲᠠᠯ᠎ᠠ ᠪᠠᠷ ᠲᠤᠤᠱᠯᠠᠭᠤᠯᠤᠨ᠂ ᠬᠠᠷᠠᠯᠲᠠ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠶᠢ ᠵᠢᠯᠣᠭᠤᠳᠤᠨ ᠴᠢᠳᠠᠪᠤᠷᠢᠲᠠᠨ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠨᠡᠪᠲᠡᠷᠡᠲᠡᠯ᠎ᠡ ᠬᠥᠮᠥᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠴᠢᠳᠠᠪᠤᠷᠢᠲᠠᠨ ᠬᠥᠮᠥᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠬᠤᠷᠠᠯ ᠳᠡᠭᠡᠷ᠎ᠡ᠂ ᠪᠤᠭᠤᠲᠦ ᠶᠢᠨ ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠦ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠰᠤᠷᠭᠠᠭᠤᠯᠢ ᠪᠠᠷ ᠦᠨᠡᠯᠡᠭᠳᠡᠵᠦ᠂ ᠪᠤᠭᠤᠲᠦ ᠶᠢᠨ ᠨᠠᠶᠠᠨ ᠨᠢᠭᠡᠳᠦᠭᠡᠷ ᠳᠤᠮᠳᠠᠳᠤ ᠰᠤᠷᠭᠠᠭᠤᠯᠢ᠂ ᠪᠤᠭᠤᠲᠦ ᠶᠢᠨ ᠶᠢᠷᠠᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠣᠯᠠᠨ ᠰᠢᠨᠵᠢᠯᠡᠭᠡᠨ ᠤ ᠳᠤᠭᠤᠶᠢᠯᠠᠩ ᠰᠢᠯᠢᠳᠡᠭ ᠬᠢᠴᠢᠶᠡᠯ ᠪᠡᠯᠡᠳᠬᠡᠬᠦ ᠳᠤᠭᠤᠶᠢᠯᠠᠩ ᠢᠶᠠᠷ ᠦᠨᠡᠯᠡᠭᠳᠡᠵᠦ᠂ ︽ᠰᠤᠷᠭᠠᠨ ᠬᠥᠮᠦᠵᠢᠯ ᠤᠨ ᠥᠨᠳᠦᠷᠯᠢᠭ ᠭᠠᠵᠠᠷ︾ ᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃  
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号